ᠨᠢᠩᠴᠧᠩ ᠰᠢᠶᠠᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ 2023 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠢ ᠪᠠᠲᠤᠯᠠᠵᠦ ᠪᠤᠢ
ᠨᠡᠶᠢᠲᠡᠯᠡᠭᠰᠡᠨ ᠴᠠᠭ᠄
2023/9/11
 ᠨᠢᠭᠡ ᠳᠤ ᠢᠳᠡᠭᠡᠨ ᠤ ᠠᠮᠤᠷ ᠲᠦᠪᠰᠢᠨ ᠤ ᠥᠪᠡᠰᠦᠪᠡᠨ ᠪᠠᠶᠢᠴᠠᠭᠠᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠢ ᠠᠵᠢᠯ ᠤᠨ ᠲᠡᠷᠢᠭᠦᠨ ᠪᠠᠶᠢᠷᠢᠨ ᠳᠤ ᠦᠨᠡᠨᠬᠦ ᠲᠠᠯᠪᠢᠵᠤ᠂ ᠢᠳᠡᠭᠡᠨ ᠤ ᠠᠮᠤᠷ ᠲᠦᠪᠰᠢᠨ ᠤ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠬᠤᠶᠠᠷ ᠲᠤ᠂ ᠠᠵᠢᠯᠲᠠᠨ ᠢ ᠪᠣᠯᠪᠠᠰᠤᠷᠠᠭᠤᠯᠬᠤ᠂ ᠡᠳ᠋ᠰᠢᠭᠦᠯᠬᠦ ᠬᠤᠭᠤᠯᠠᠯᠠᠬᠤ ᠲᠠᠯᠠᠪᠤᠷ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠤᠤᠭᠤᠬᠤ ᠤᠰᠤ᠂ ᠮᠠᠰᠢᠨ ᠲᠥᠬᠦᠭᠡᠷᠦᠮᠵᠢ ᠵᠡᠷᠭᠡ ᠶᠢ ᠴᠡᠪᠡᠷᠯᠡᠨ ᠪᠠᠶᠢᠴᠠᠭᠠᠵᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠯ᠎ᠡ ᠭᠤᠭᠴᠤᠭ᠎ᠠ ᠶᠢᠨ ᠪᠦᠲᠦᠮᠵᠢᠲᠡᠢ ᠠᠵᠢᠯᠯᠠᠬᠤ᠂ ᠠᠮᠤᠷ ᠲᠦᠪᠰᠢᠨ ᠢᠶᠠᠷ ᠠᠵᠢᠯᠯᠠᠬᠤ ᠶᠢ  ᠪᠠᠲᠤᠯᠠᠪᠠ᠃ ᠭᠤᠷᠪᠠ ᠳᠤ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠢ ᠥᠪᠡᠰᠦᠪᠡᠨ ᠪᠠᠶᠢᠴᠠᠭᠠᠬᠤ ᠠᠵᠢᠯ ᠢ ᠨᠢᠭᠡ ᠤᠳᠠᠭ᠎ᠠ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠠᠷᠢᠯᠭᠠᠵᠤ᠂ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠪᠠ ᠰᠤᠷᠤᠯᠭ᠎ᠠ ᠶᠢᠨ ᠬᠤᠭᠤᠴᠠᠭᠠᠨ ᠳᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠪᠠ᠃ ᠳᠥᠷᠪᠡ ᠳᠤ ᠢᠳᠡᠭᠡᠨ ᠤ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ ᠠᠵᠢᠯᠯᠠᠭ᠎ᠠ ᠶᠢ ᠵᠢᠷᠤᠮᠵᠢᠭᠤᠯᠵᠤ᠂ ᠳᠠᠭᠠᠭᠠᠴᠢᠯᠠᠯᠲᠠ ᠵᠠᠷᠯᠠᠬᠤ ᠪᠤᠶᠤ ᠲᠤᠯᠭᠠᠨ ᠠᠰᠠᠭᠤᠬᠤ ᠦᠨ᠎ᠡ ᠪᠠᠷ ᠴᠡᠭ ᠲᠣᠭᠲᠠᠭᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠤᠭᠤᠯᠠᠨ ᠭᠡᠷ ᠤᠨ ᠬᠤᠳᠠᠯᠳᠤᠨ ᠠᠪᠤᠭᠰᠠᠨ ᠢᠳᠡᠭᠡᠨ ᠪᠠ ᠢᠲᠡᠬᠦ ᠲᠠᠷᠢᠶᠠᠯᠠᠩ ᠤᠨ ᠪᠦᠲᠦᠭᠡᠭᠳᠡᠬᠦᠨ ᠢ ᠮᠥᠷᠳᠡᠵᠦ ᠪᠣᠯᠬᠤ ᠶᠢ ᠪᠡᠶᠡᠯᠡᠭᠦᠯᠪᠡ᠃ᠲᠠᠪᠤ ᠳᠤ ᠰᠤᠷᠭᠠᠭᠤᠯᠢ ᠶᠢᠨ ᠬᠦᠷᠢᠶᠡᠨ ᠤ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠲᠤᠰᠬᠠᠢ ᠪᠤᠯᠤᠩ᠂ ᠠᠮᠤᠷ ᠲᠦᠪᠰᠢᠨ ᠤ ᠬᠥᠮᠦᠵᠢᠯ ᠤᠨ ᠬᠢᠴᠢᠶᠡᠯ ᠵᠡᠷᠭᠡ ᠬᠡᠯᠪᠡᠷᠢ ᠶᠢ ᠭᠦᠢᠴᠡᠳ ᠠᠰᠢᠭᠯᠠᠨ᠂ ᠥᠷᠭᠡᠨ ᠣᠯᠠᠨ ᠪᠠᠭᠰᠢ ᠰᠤᠷᠤᠭᠴᠢᠳ ᠲᠤ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠬᠥᠮᠦᠵᠢᠯ ᠬᠢᠵᠦ᠂ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠂ ︽ ᠪᠦᠷᠢᠯᠭᠡᠬᠦ ᠶᠢ ᠲᠡᠪᠴᠢᠬᠦ︾ ᠶᠢ ᠦᠢᠯᠡᠳᠦᠯᠭᠡᠵᠢᠭᠦᠯᠵᠦ᠂ ᠬᠥᠮᠥᠨ ᠪᠣᠯᠭᠠᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠰᠤᠷᠤᠯᠴᠠᠬᠤ᠂ ᠬᠥᠮᠥᠨ ᠪᠣᠯᠭᠠᠨ ᠢᠳᠡᠭᠡᠨ ᠤ ᠠᠮᠤᠷ ᠲᠦᠪᠰᠢᠨ ᠤ ᠠᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号