| ᠴᠢᠳᠠᠪᠤᠷᠢᠲᠠᠨ ᠢ ᠬᠥᠮᠥᠵᠢᠭᠦᠯᠬᠦ ᠶᠠᠪᠤᠴᠠ ᠳᠠᠬᠢ ᠪᠡᠶ᠎ᠡ ᠶᠢᠨ ᠲᠠᠮᠢᠷ ᠤᠨ ᠴᠢᠬᠤᠯᠠ ᠦᠢᠯᠡᠳᠦᠯ ᠢ ᠤᠯᠠᠮ ᠨᠢᠭᠡ | ᠠᠯᠬᠤᠮ ᠴᠢᠩᠭᠠᠳᠬᠠᠨ᠂ ᠨᠢᠩᠴᠧᠩ ᠰᠢᠶᠠᠨ ᠤ ᠡᠯ᠎ᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢᠨ ᠲᠥᠯᠥᠭᠡ᠂ ᠨᠢᠩᠴᠧᠩ ᠰᠢᠶᠠᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ | ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠪᠠᠶᠢᠩᠭᠤᠵᠢᠭᠰᠠᠨ ᠪᠠᠶᠢᠭᠤᠯᠤᠮᠵᠢ ᠶᠢ | ᠲᠡᠭᠦᠯᠳᠡᠷᠵᠢᠭᠦᠯᠦᠨ ᠵᠢᠷᠤᠮᠵᠢᠭᠤᠯᠵᠤ᠂ ᠰᠤᠷᠤᠭᠴᠢᠳ ᠢ ᠬᠠᠪᠰᠤᠷᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤᠮᠳᠠ | ᠬᠠᠪᠤ ᠴᠡᠩᠭᠡᠯ ᠡᠳ᠋ᠯᠡᠭᠦᠯᠵᠦ᠂ ᠪᠡᠶ᠎ᠡ ᠮᠠᠬᠠᠪᠤᠳ ᠢ ᠨᠢ ᠴᠢᠭᠢᠷᠠᠭᠵᠢᠭᠤᠯᠵᠤ᠂ ᠬᠥᠮᠥᠨ ᠴᠢᠨᠠᠷ ᠢ ᠨᠢ ᠲᠡᠭᠦᠯᠳᠡᠷᠵᠢᠭᠦᠯᠵᠦ᠂ | ᠵᠣᠷᠢᠭ ᠰᠠᠨᠠᠭ᠎ᠠ ᠶᠢ ᠨᠢ ᠳᠠᠪᠲᠠᠨ ᠪᠣᠯᠪᠠᠰᠤᠷᠠᠭᠤᠯᠪᠠ᠃ | ᠨᠢᠭᠡ ᠳᠤ᠂ ᠪᠡᠶ᠎ᠡ ᠶᠢᠨ ᠲᠠᠮᠢᠷ ᠤᠨ ᠬᠢᠴᠢᠶᠡᠯ ᠢ ᠭᠦᠢᠴᠡᠳ ᠪᠥᠭᠡᠳ ᠪᠦᠷᠢᠨ ᠭᠦᠢᠴᠡᠳ ᠨᠡᠭᠡᠭᠡᠵᠦ᠂ ᠪᠡᠶ᠎ᠡ ᠶᠢᠨ | ᠲᠠᠮᠢᠷ ᠤᠨ ᠪᠣᠯᠪᠠᠰᠤᠷᠠᠯ ᠤᠨ ᠴᠠᠭ ᠢ ᠪᠠᠲᠤᠯᠠᠵᠤ᠂ ︽ᠰᠤᠷᠤᠯᠴᠠᠬᠤ᠂ ᠪᠣᠯᠪᠠᠰᠤᠷᠠᠬᠤ᠂ ᠤᠷᠤᠯᠳᠤᠬᠤ᠂ ᠦᠨᠡᠯᠡᠬᠦ︾︾ ᠶᠢ | ᠨᠢᠭᠡ ᠴᠣᠭᠴᠠᠵᠢᠭᠤᠯᠤᠭᠰᠠᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠵᠠᠭᠪᠤᠷ ᠢ ᠪᠠᠶᠢᠭᠤᠯᠪᠠ᠃ | ᠬᠤᠶᠠᠷ ᠲᠤ ᠠᠮᠢᠵᠢᠷᠠᠯ ᠤᠨ ᠬᠦᠴᠦᠨ ᠲᠠᠢ ᠲᠠᠮᠢᠷ ᠤᠨ ᠬᠥᠳᠡᠯᠭᠡᠭᠡᠨ ᠢ ᠦᠷᠨᠢᠭᠦᠯᠪᠡ᠃ᠡᠯ᠎ᠡ ᠰᠤᠷᠭᠠᠭᠤᠯᠢ ᠨᠤᠭᠤᠳ | ᠡᠳᠦᠷ ᠪᠦᠷᠢ 30 ᠮᠢᠨᠦ᠋ᠲ ᠤᠨ ᠲᠠᠮᠢᠷ ᠬᠢᠬᠦ ᠴᠠᠭ ᠢ ᠪᠠᠲᠤᠯᠠᠵᠤ᠂ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠪᠣᠯᠣᠨ ᠪᠠᠭ᠎ᠠ ᠰᠤᠷᠭᠠᠭᠤᠯᠢ ᠶᠢᠨ ᠳᠡᠭᠡᠳᠦ ᠵᠡᠷᠭᠡ ᠶᠢᠨ ᠰᠤᠷᠭᠠᠭᠤᠯᠢ ᠶᠢᠨ | ᠰᠤᠷᠤᠭᠴᠢᠳ ᠤᠨ ᠡᠳᠦᠷ ᠪᠦᠷᠢ 20 ᠮᠢᠨᠦ᠋ᠲ ᠭᠦᠶᠦᠬᠦ ᠳᠤ 3 ᠺᠢᠯᠣᠮᠧᠲᠷ ᠵᠠᠶᠢᠲᠠᠢ ᠪᠠᠶᠢᠬᠤ ᠪᠠᠷᠢᠮᠵᠢᠶ᠎ᠠ ᠳᠤ | ᠬᠦᠷᠬᠦ ᠶᠢ ᠪᠠᠲᠤᠯᠠᠨ᠎ᠠ᠃ | ᠭᠤᠷᠪᠠ ᠳᠤ ᠳᠣᠭᠳᠣᠯᠤᠮ᠎ᠠ ᠰᠡᠳᠬᠢᠯᠭᠡ ᠶᠢᠨ ᠤᠷᠤᠯᠳᠤᠭᠠᠨ ᠢ ᠡᠷᠬᠢᠯᠡᠨ᠎ᠠ᠃ᠪᠥᠬᠦ ᠰᠢᠶᠠᠨ ᠤ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ ᠨᠤᠭᠤᠳ ᠰᠣᠷᠣᠭᠴᠢ ᠶᠢᠨ ᠪᠡᠶ᠎ᠡ ᠮᠠᠬᠠᠪᠤᠳ ᠲᠤ ᠲᠣᠬᠢᠷᠠᠬᠤ᠂ ᠰᠣᠷᠣᠭᠴᠢ ᠶᠢᠨ ᠳᠤᠷ᠎ᠠ | ᠰᠣᠨᠢᠷᠬᠠᠯ ᠢ ᠳᠡᠭᠡᠭᠰᠢᠯᠡᠭᠦᠯᠬᠦ᠂ ᠰᠣᠷᠣᠭᠴᠢ ᠶᠢᠨ ᠪᠡᠶ᠎ᠡ ᠮᠠᠬᠠᠪᠤᠳ ᠤᠨ ᠴᠢᠳᠠᠪᠤᠷᠢ ᠶᠢ ᠳᠡᠭᠡᠭᠰᠢᠯᠡᠭᠦᠯᠬᠦ ᠠᠩᠭᠢ᠂ | ᠣᠨ ᠤ ᠪᠠᠭ᠎ᠠ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠰᠣᠷᠣᠭᠴᠢ ᠶᠢᠨ ᠣᠷᠣᠯᠴᠠᠬᠤ ᠨᠣᠷᠮ᠎ᠠ ᠶᠢ ᠶᠡᠭᠡ ᠪᠠᠷ ᠳᠡᠭᠡᠭᠰᠢᠯᠡᠭᠦᠯᠪᠡ᠃ |