| ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠤᠯᠠᠮ ᠨᠢᠭᠡ | ᠠᠯᠬᠤᠮ ᠴᠢᠩᠭᠠᠳᠬᠠᠬᠤ ᠶᠢᠨ ᠲᠥᠯᠥᠭᠡ᠂ ᠨᠢᠩᠴᠧᠩ ᠰᠢᠶᠠᠨ ᠤ ᠬᠤᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠤᠷᠢᠳᠴᠢᠯᠠᠨ ᠬᠥᠳᠡᠯᠦᠯᠴᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ | ᠰᠤᠷᠭᠠᠭᠤᠯᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ | ᠢᠳᠡᠪᠬᠢᠲᠡᠢ ᠥᠷᠨᠢᠭᠦᠯᠵᠦ᠂ ᠴᠡᠪᠡᠷ ᠲᠣᠬᠢᠯᠢᠭ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢᠶᠠᠷ ᠥᠷᠭᠡᠨ | ᠣᠯᠠᠨ ᠪᠠᠭᠰᠢ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ ᠶᠢ ᠤᠭᠲᠤᠪᠠ᠃ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠮᠬᠢ ᠳᠢᠭᠯᠢᠮ ᠤᠨ ᠪᠠᠶᠢᠳᠠᠯ ᠢ | ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ | ᠨᠢᠮᠪᠠᠢ ᠡᠮᠬᠢᠯᠡᠨ ᠳᠢᠭᠯᠡᠵᠦ᠂ ᠡᠷᠬᠢᠨ ᠲᠣᠭᠤᠷᠢᠨ ᠤ ᠬᠤᠳᠠᠯᠳᠤᠭᠠᠴᠢᠨ ᠢ ᠰᠢᠮᠳᠠᠭᠤᠯᠵᠤ ᠪᠠᠶᠢᠭᠠᠳ ︽ᠡᠭᠦᠳᠡᠨ | ᠡᠮᠦᠨᠡᠬᠢ ᠭᠤᠷᠪᠠ ᠶᠢ ᠳᠠᠭᠠᠭᠠᠬᠤ︾ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠭᠦᠯᠦᠨ᠎ᠡ᠃ᠵᠠᠮ ᠡᠵᠡᠯᠡᠨ ᠡᠵᠡᠩᠨᠡᠬᠦ᠂ | ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠵᠢᠵᠢᠭ ᠵᠠᠷ ᠨᠠᠭᠠᠵᠤ ᠲᠠᠷᠬᠠᠭᠠᠬᠤ | ᠂ ᠲᠣᠰᠣᠨ ᠳᠤ ᠪᠤᠴᠠᠯᠭᠠᠭᠰᠠᠨ ᠢᠳᠡᠭᠡᠨ ᠡᠵᠡᠩᠨᠡᠬᠦ᠂ ᠡᠳ᠋ ᠮᠠᠲ᠋ᠧᠷᠢᠶᠠᠯ ᠣᠪᠣᠭᠠᠯᠠᠬᠤ ᠵᠡᠷᠭᠡ ᠬᠠᠤᠯᠢ ᠲᠣᠭᠲᠠᠭᠠᠯ | ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠨ᠎ᠠ᠃ᠲᠥᠪᠯᠡᠷᠡᠭᠦᠯᠦᠨ ᠴᠡᠭᠴᠡᠯᠡᠨ ᠵᠠᠰᠠᠬᠤ᠂ | ᠬᠥᠳᠡᠯᠦᠩᠭᠦᠢ ᠪᠠᠷ ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠡᠮᠵᠢᠨ᠂ ᠵᠠᠮ ᠡᠵᠡᠯᠡᠨ | ᠡᠵᠡᠩᠨᠡᠬᠦ 30 ᠭᠠᠷᠤᠢ ᠠᠵᠢᠯᠯᠠᠭ᠎ᠠ ᠶᠢ ᠢᠳᠬᠠᠨ᠂ 68 ᠮᠠᠰᠢᠨ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ | ᠳᠤᠷ᠎ᠠ ᠪᠠᠷ ᠢᠶᠠᠨ ᠲᠠᠯᠪᠢᠬᠤ ᠶᠢ ᠵᠢᠷᠤᠮᠵᠢᠭᠤᠯᠤᠨ᠂ 18 ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠢ ᠴᠡᠪᠡᠷᠯᠡᠨ | ᠠᠷᠢᠯᠭᠠᠵᠤ᠂ 8 ᠮᠠᠰᠢᠨ ᠲᠡᠷᠭᠡ ᠶᠢ ᠳᠤᠷ᠎ᠠ ᠪᠠᠷ ᠢᠶᠠᠨ ᠲᠠᠯᠪᠢᠬᠤ ᠶᠢ ᠴᠡᠪᠡᠷᠯᠡᠪᠡ᠃ | ᠲᠠᠷᠠᠭᠠᠴᠢ ᠶᠢᠨ ᠠᠯᠬᠤᠮ ᠳᠤ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠠᠶᠢᠩᠭᠤᠵᠢᠭᠤᠯᠤᠨ | ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ᠂ ᠴᠡᠪᠡᠷ ᠲᠡᠭᠰᠢ ᠵᠢᠷᠤᠮᠵᠢᠭᠰᠠᠨ ᠬᠤᠲᠠ ᠶᠢᠨ ᠣᠷᠴᠢᠨ ᠲᠣᠭᠤᠷᠢᠨ ᠤ | ᠡᠮᠬᠢ ᠳᠢᠭᠯᠢᠮ ᠢ ᠰᠠᠶᠢᠲᠤᠷ ᠬᠠᠮᠠᠭᠠᠯᠠᠨ᠎ᠠ᠃ |