| | | ᠰᠤᠷᠪᠤᠯᠵᠢᠯᠠᠬᠰᠠᠨ ᠴᠠᠭ᠄ 2024 ︱ 1 ︱ 12 | ᠰᠤᠷᠪᠤᠯᠵᠢᠯᠠᠭ᠎ᠠ ᠶᠢᠨ ᠭᠠᠵᠠᠷ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠵᠣᠴᠢᠨ᠄ ᠼᠤᠤ ᠬᠠᠨ ᠭᠠᠩ | 【ᠬᠥᠲᠥᠯᠥᠭᠴᠢ】᠄ ᠠᠵᠤ ᠠᠬᠤᠢ ᠨᠡᠶᠢᠭᠡᠮ ᠤᠨ ᠲᠠᠰᠤᠷᠠᠯᠲᠠ ᠦᠭᠡᠢ ᠬᠥᠭᠵᠢᠬᠦ ᠵᠢᠴᠢ ᠠᠷᠠᠳ ᠣᠯᠠᠨ ᠤ | ᠡᠮᠴᠢᠯᠡᠭᠡᠨ ᠤ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠬᠦ ᠶᠢ ᠳᠠᠭᠠᠯᠳᠤᠨ᠂ ᠡᠮᠴᠢᠯᠡᠭᠡᠨ ᠤ ᠪᠠᠶᠢᠭᠤᠯᠤᠮᠵᠢ ᠢᠯᠠᠩᠭᠤᠶ᠎ᠠ | ᠰᠢᠶᠠᠨ ᠤ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠠᠪᠤᠷᠠᠨ ᠵᠠᠰᠠᠬᠤ ᠴᠢᠳᠠᠪᠤᠷᠢ ᠳᠤ ᠰᠢᠨ᠎ᠡ | ᠱᠠᠭᠠᠷᠳᠠᠯᠭ᠎ᠠ ᠱᠠᠭᠠᠷᠳᠠᠭᠳᠠᠪᠠ᠂ ᠥᠷᠭᠡᠨ ᠣᠯᠠᠨ ᠰᠦᠯᠵᠢᠶᠡᠨ ᠠᠨᠳᠠ ᠨᠠᠷ ᠴᠤ ᠮᠠᠨ ᠤ ᠰᠢᠶᠠᠨ ᠤ ᠡᠮᠴᠢᠯᠡᠭᠡᠨ ᠤ | ᠠᠪᠤᠷᠠᠨ ᠵᠠᠰᠠᠬᠤ ᠴᠢᠳᠠᠪᠤᠷᠢ ᠶᠢᠨ ᠪᠠᠶᠢᠳᠠᠯ ᠢ ᠣᠶᠢᠯᠠᠭᠠᠬᠤ ᠰᠠᠨᠠᠭ᠎ᠠ ᠲᠠᠢ ᠪᠠᠶᠢᠨ᠎ᠠ᠃ ᠥᠨᠥᠳᠥᠷ ᠪᠢᠳᠡ ᠨᠢᠩᠴᠧᠩ | ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠂ ᠡᠷᠬᠢᠯᠡᠭᠴᠢ ᠼᠤᠤ ᠬᠠᠨ ᠭᠠᠩ ᠨᠥᠬᠦᠷ ᠢ ᠮᠠᠨ ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠫᠷᠣᠭ᠍ᠷᠠᠮ ᠳᠤ | ᠤᠷᠢᠯ᠎ᠠ᠂ ᠼᠤᠤ ᠡᠷᠬᠢᠯᠡᠭᠴᠢ ᠶᠢᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ ᠃ 【ᠼᠤᠤ ᠬᠠᠨ | ᠭᠠᠩ】᠄ ᠬᠥᠲᠥᠯᠥᠭᠴᠢ ᠰᠠᠶᠢᠨ︖ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ︖ ︽ᠰᠦᠯᠵᠢᠶᠡᠨ | ᠳᠡᠭᠡᠷᠡᠬᠢ ᠰᠣᠷᠪᠤᠯᠵᠢᠯᠠᠭ᠎ᠠ︾ ᠳᠤ ᠢᠷᠡᠵᠦ ᠣᠯᠠᠨ ᠲᠠᠢ ᠰᠠᠨᠠᠯ ᠢᠶᠠᠨ ᠰᠣᠯᠢᠯᠴᠠᠭᠰᠠᠨ ᠳᠠᠭᠠᠨ ᠮᠠᠰᠢ ᠪᠠᠶᠠᠷ ᠲᠠᠢ | ᠪᠠᠶᠢᠨ᠎ᠠ᠃ ᠪᠢᠳᠡ ᠴᠢᠳᠠᠯ ᠤᠨ ᠬᠢᠷᠢ ᠪᠠᠷ ᠢᠶᠠᠨ ᠥᠷᠭᠡᠨ ᠤᠯᠠᠨ ᠨᠠᠶᠢᠵᠢ ᠨᠠᠷ ᠲᠤ ᠬᠤᠯᠪᠣᠭᠳᠠᠯ ᠪᠦᠬᠦᠢ | ᠠᠰᠠᠭᠤᠳᠠᠯ ᠢ ᠬᠠᠷᠢᠭᠤᠯᠵᠤ ᠥᠭᠬᠦ ᠪᠥᠭᠡᠳ ᠮᠠᠨ ᠤ ᠠᠵᠢᠯ ᠳᠤ ᠥᠷᠭᠡᠨ ᠤᠯᠠᠨ ᠨᠠᠶᠢᠵᠢ ᠨᠠᠷ ᠤᠨ ᠡᠷᠬᠢᠮ ᠨᠠᠨᠳᠢᠨ | ᠰᠠᠨᠠᠯ ᠰᠠᠨᠠᠭᠤᠯᠭ᠎ᠠ ᠳᠤᠷᠠᠳᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠨ᠎ᠠ᠃ | 【ᠬᠥᠲᠥᠯᠥᠭᠴᠢ】 ᠮᠠᠨ ᠤ ᠰᠢᠶᠠᠨ ᠬᠥᠮᠥᠨ ᠠᠮᠠ ᠶᠢᠨ ᠲᠣᠮᠣ ᠰᠢᠶᠠᠨ ᠮᠦᠷᠲᠡᠭᠡᠨ ᠭᠤᠷᠪᠠᠨ ᠮᠤᠵᠢ ᠶᠢᠨ | ᠠᠭᠤᠯᠵᠠᠷ ᠭᠠᠵᠠᠷ ᠪᠣᠯᠤᠭᠰᠠᠨ ᠤ ᠬᠤᠪᠢ ᠳᠤ᠂ ᠦᠢ ᠣᠯᠠᠨ ᠣᠯᠠᠨ ᠲᠦᠮᠡᠨ ᠤ ᠡᠪᠡᠳᠴᠢᠨ ᠦᠵᠡᠭᠦᠯᠬᠦ | ᠬᠡᠷᠡᠭᠴᠡᠭᠡ ᠶᠢ ᠬᠡᠷᠬᠢᠨ ᠬᠠᠩᠭᠠᠵᠤ ᠪᠠᠶᠢᠬᠤ ᠪᠣᠶ︖ | 【ᠼᠤᠤ ᠬᠠᠨ ᠭᠠᠩ】ᠮᠠᠨ ᠤ ᠰᠢᠶᠠᠨ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ | ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠠᠷᠠᠳ ᠣᠯᠠᠨ ᠤ | ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠬᠤ ᠶᠢᠨ ᠵᠡᠷᠭᠡ ᠳᠤ ᠮᠠᠨ ᠤ ᠰᠢᠶᠠᠨ ᠤ ᠡᠮᠴᠢᠯᠡᠭᠡᠨ ᠤ ᠬᠢᠷᠢ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠶᠢᠨ᠎ᠠ᠃ 2023 ᠣᠨ ᠪᠣᠯᠲᠠᠯ᠎ᠠ᠂ ᠨᠢᠩᠴᠧᠩ ᠰᠢᠶᠠᠨ | ᠨᠢᠭᠡᠨᠲᠡ ᠪᠡᠭᠡᠵᠢᠩ ᠤᠨ 13 ᠲᠣᠮᠣ ᠬᠡᠯᠪᠡᠷᠢ ᠶᠢᠨ ᠭᠤᠷᠪᠠᠳᠤᠭᠠᠷ ᠳᠡᠰ ᠤᠨ ᠬᠥᠬᠡ ᠵᠡᠷᠭᠡ ᠶᠢᠨ ᠡᠮᠨᠡᠯᠭᠡ ᠶᠢᠨ | ᠬᠤᠷᠢᠶ᠎ᠠ ᠲᠠᠢ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠳᠡᠮᠵᠢᠬᠦ ᠬᠠᠷᠢᠴᠠᠭ᠎ᠠ ᠪᠠᠶᠢᠭᠤᠯᠵᠤ᠂ 32 ᠲᠤᠰᠬᠠᠢ | ᠡᠮᠨᠡᠯᠭᠡ ᠶᠢᠨ ᠡᠮᠴᠢᠯᠡᠭᠡᠨ ᠤ ᠬᠤᠯᠪᠣᠭ᠎ᠠ ᠳᠤ ᠣᠷᠣᠵᠤ᠂ 9 ᠠᠯᠤᠰ ᠡᠵᠡᠮᠰᠢᠯ ᠤᠨ ᠡᠮᠴᠢᠯᠡᠭᠡᠨ ᠤ ᠲᠠᠪᠴᠠᠩ ᠢ | ᠨᠡᠭᠡᠭᠡᠵᠦ᠂ ᠲᠠᠪᠤᠨ ᠵᠢᠯ ᠤᠨ ᠲᠤᠷᠰᠢ᠂ ᠪᠡᠭᠡᠵᠢᠩ ᠤᠨ 2768 ᠲᠤᠰᠬᠠᠢ ᠮᠡᠷᠭᠡᠵᠢᠯᠲᠡᠨ ᠨᠢᠩᠴᠧᠩ ᠳᠤ ᠢᠷᠡᠵᠤ | ᠠᠵᠢᠯ ᠵᠢᠯᠤᠭᠤᠳᠴᠤ᠂ ᠨᠢᠩᠴᠧᠩ ᠤᠨ ᠡᠪᠡᠳᠴᠢᠲᠡᠨ ᠰᠢᠶᠠᠨ ᠠᠴᠠ ᠭᠠᠷᠬᠤ ᠦᠭᠡᠢ ᠪᠠᠷ ᠪᠡᠭᠡᠵᠢᠩ ᠤᠨ ᠲᠤᠰᠬᠠᠢ | ᠮᠡᠷᠭᠡᠵᠢᠯᠲᠡᠨ ᠤ ᠡᠮᠴᠢᠯᠡᠭᠡᠨ ᠤ ᠦᠢᠯᠡᠴᠢᠯᠡᠭᠡ ᠶᠢ ᠬᠦᠷᠲᠡᠵᠦ᠂︽ᠡᠪᠡᠳᠴᠢᠨ ᠦᠵᠡᠭᠦᠯᠬᠦ ᠳᠤ ᠪᠡᠭᠡᠵᠢᠩ ᠳᠤ ᠣᠴᠢᠬᠤ | ᠬᠡᠷᠡᠭ ᠦᠭᠡᠢ᠂ ᠪᠡᠭᠡᠵᠢᠩ ᠤᠨ ᠲᠤᠰᠬᠠᠢ ᠮᠡᠷᠭᠡᠵᠢᠯᠲᠡᠨ ᠨᠢᠩᠴᠧᠩ ᠳᠤ ᠪᠠᠶᠢᠬᠤ︾ ᠶᠢ ᠪᠡᠶᠡᠯᠡᠭᠦᠯᠵᠡᠢ᠃ ᠲᠤᠰᠠᠯᠠᠮᠵᠢ | ᠦᠵᠡᠭᠦᠯᠬᠦ ᠬᠤᠭᠤᠴᠠᠭᠠᠨ ᠳᠤ᠂ ᠪᠡᠭᠡᠵᠢᠩ ᠤᠨ ᠲᠤᠰᠬᠠᠢ ᠮᠡᠷᠭᠡᠵᠢᠯᠲᠡᠨ ᠮᠠᠨ ᠤ ᠰᠢᠶᠠᠨ ᠳᠤ 860 ᠭᠠᠷᠤᠢ ᠤᠳᠠᠭ᠎ᠠ | ᠲᠤᠰᠬᠠᠢ ᠮᠡᠷᠭᠡᠵᠢᠯ ᠤᠨ ᠮᠡᠳᠡᠯᠭᠡ ᠶᠢᠨ ᠲᠠᠶᠢᠯᠤᠮᠵᠢ ᠬᠢᠵᠦ᠂ 7760 ᠤᠳᠠᠭ᠎ᠠ ᠵᠢᠭᠠᠨ ᠰᠤᠷᠭᠠᠯᠲᠠ ᠶᠢᠨ ᠦᠷᠦᠭᠡ ᠶᠢ | ᠪᠠᠶᠢᠴᠠᠭᠠᠵᠤ᠂ 1276 ᠮᠡᠰᠡ ᠵᠠᠰᠠᠯ ᠬᠢᠵᠦ᠂ 6 ᠲᠦᠮᠡᠨ ᠬᠥᠮᠥᠨ ᠤᠳᠠᠭ᠎ᠠ ᠶᠢᠨ ᠡᠪᠡᠳᠴᠢᠲᠡᠨ ᠢ ᠬᠦᠯᠢᠶᠡᠨ ᠠᠪᠴᠤ | ᠡᠮᠨᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠡᠮᠨᠡᠯᠭᠡ ᠶᠢᠨ ᠬᠤᠷᠢᠶ᠎ᠠ ᠶᠢ ᠳᠡᠮᠵᠢᠨ ᠮᠠᠨ ᠤ ᠰᠢᠶᠠᠨ ᠤ ᠲᠤᠰᠬᠠᠢ | ᠮᠡᠷᠭᠡᠵᠢᠯ ᠤᠨ ᠠᠵᠢᠯᠲᠠᠨ ᠤ ᠳᠠᠪᠲᠠᠨ ᠪᠣᠯᠪᠠᠰᠤᠷᠠᠭᠤᠯᠬᠤ ᠶᠢ ᠦᠨ᠎ᠡ ᠲᠥᠯᠥᠪᠦᠷᠢ ᠦᠭᠡᠢ ᠪᠠᠷ ᠭᠥᠯᠢᠶᠡᠨ ᠠᠪᠴᠤ᠂ | ᠰᠢᠨᠵᠢᠯᠡᠭᠡᠨ ᠤ ᠰᠠᠯᠠᠭ᠎ᠠ ᠶᠢᠨ ᠭᠤᠣᠯᠯᠠᠭᠴᠢ ᠬᠦᠴᠦᠨ ᠢ ᠨᠡᠶᠢᠲᠡ 350 ᠭᠠᠷᠤᠢ ᠬᠥᠮᠥᠨ᠂ ᠰᠢᠨᠵᠢᠯᠡᠭᠡᠨ ᠤ | ᠰᠠᠯᠠᠭ᠎ᠠ ᠶᠢᠨ ᠳᠠᠭᠠᠭᠤᠯᠤᠭᠴᠢ 20 ᠭᠠᠷᠤᠢ ᠬᠥᠮᠥᠨ ᠢ ᠬᠥᠮᠥᠵᠢᠭᠦᠯᠵᠦ᠂ ᠰᠢᠶᠠᠨ ᠤ ᠱᠠᠲᠤᠨ ᠤ ᠡᠮᠨᠡᠯᠭᠡ ᠶᠢᠨ | ᠬᠤᠷᠢᠶ᠎ᠠ ᠶᠢᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠠᠷ ᠳᠡᠮᠵᠢᠨ᠂ ᠰᠢᠶᠠᠨ ᠤ ᠭᠤᠣᠯ | ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠡᠮᠴᠢᠯᠡᠭᠡᠨ ᠤ ᠨᠢᠭᠡᠴᠡ 40 ᠪᠣᠯᠵᠤ᠂ ᠰᠢᠶᠠᠨ ᠤ ᠬᠢᠲᠠᠳ ᠮᠣᠩᠭᠤᠯ | ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠨᠢᠭᠡᠴᠡ 30 ᠪᠣᠯᠵᠤ᠂ ᠰᠢᠶᠠᠨ ᠤ ᠬᠡᠪᠴᠢᠶᠡᠨ ᠳᠤ ᠡᠮᠨᠡᠭᠦᠯᠦᠭᠰᠡᠨ | ᠨᠣᠷᠮ᠎ᠠ 10 ᠵᠢᠯ ᠤᠨ ᠡᠮᠦᠨ᠎ᠡ 60% ᠬᠦᠷᠬᠦ ᠦᠭᠡᠢ ᠪᠠᠶᠢᠭᠰᠠᠨ ᠠᠴᠠ ᠪᠠᠨ 2022 ᠣᠨ ᠳᠤ 96.8% | ᠪᠣᠯᠵᠤ ᠳᠡᠭᠡᠭᠰᠢᠯᠡᠵᠡᠢ᠃ | 【ᠬᠥᠲᠥᠯᠥᠭᠴᠢ】 ᠣᠶᠢᠷ᠎ᠠ ᠶᠢᠨ ᠬᠡᠳᠦᠨ ᠵᠢᠯ ᠳᠤ ᠮᠠᠨ ᠤ ᠰᠢᠶᠠᠨ ᠤ ᠲᠦᠷᠭᠡᠨ ᠡᠮᠴᠢᠯᠡᠭᠡ ᠲᠦᠷᠭᠡᠨ | ᠠᠪᠤᠷᠠᠯᠲᠠ ᠶᠢᠨ ᠠᠵᠢᠯ ᠰᠢᠯᠢᠳᠡᠭ ᠠᠮᠵᠢᠯᠲᠠ ᠣᠯᠣᠭᠰᠠᠨ ᠪᠠᠶᠢᠨ᠎ᠠ᠂ ᠲᠡᠭᠡᠪᠡᠯ ᠪᠣᠳᠠᠲᠠᠢ ᠶᠠᠮᠠᠷ ᠶᠠᠮᠠᠷ ᠠᠵᠢᠯ | ᠥᠷᠨᠢᠭᠦᠯᠦᠭᠰᠡᠨ ᠪᠣᠶ︖ | 【ᠼᠤᠤ ᠬᠠᠨ ᠭᠠᠩ】᠄ ᠮᠠᠨ ᠤ ᠰᠢᠶᠠᠨ ᠤ ᠬᠢᠨ ᠪᠦᠬᠦ ᠰᠢᠶᠠᠨ ᠤ ᠲᠦᠷᠭᠡᠨ ᠡᠮᠨᠡᠯᠭᠡ ᠶᠢᠨ ᠲᠦᠷᠭᠡᠨ | ᠠᠪᠤᠷᠠᠯᠲᠠ ᠶᠢᠨ ᠬᠠᠮᠲᠤᠷᠠᠭᠰᠠᠨ ᠲᠣᠣᠷ ᠪᠣᠯᠣᠨ ᠲᠦᠷᠭᠡᠨ ᠡᠮᠨᠡᠯᠭᠡ ᠶᠢᠨ ᠲᠦᠷᠭᠡᠨ ᠠᠪᠤᠷᠠᠯᠲᠠ ᠶᠢᠨ ᠲᠠᠪᠤᠨ ᠶᠡᠭᠡ | ᠲᠥᠪ ᠲᠤ ᠲᠦᠰᠢᠭᠯᠡᠵᠦ᠂ ᠨᠢᠩᠴᠧᠩ ᠰᠢᠶᠠᠨ ᠤ ᠲᠦᠷᠭᠡᠨ ᠡᠮᠨᠡᠯᠭᠡ ᠶᠢᠨ ᠲᠦᠷᠭᠡᠨ ᠠᠪᠤᠷᠠᠯᠲᠠ ᠶᠢᠨ ᠲᠣᠮᠣ | ᠲᠠᠪᠴᠠᠩ ᠢ ᠪᠠᠶᠢᠭᠤᠯᠵᠤ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠰᠦᠯᠵᠢᠶᠡᠨ ᠤ | ᠡᠮᠨᠡᠯᠭᠡ ᠶᠢᠨ ᠬᠤᠷᠢᠶ᠎ᠠ ᠶᠢ 20 ᠲᠣᠬᠢᠷᠠᠭᠤᠯᠵᠠᠢ᠃ ︽ᠨᠢᠭᠡ ᠥᠷᠲᠡᠭᠡ᠂ ᠬᠤᠶᠠᠷ ᠬᠥᠮᠥᠷᠭᠡ᠂ ᠭᠤᠷᠪᠠᠨ ᠪᠦᠯᠬᠦᠮ︾ | ᠢ ᠬᠡᠷᠡᠭᠯᠡᠨ ᠠᠪᠤᠷᠠᠨ ᠵᠠᠰᠠᠬᠤ ᠦᠷ᠎ᠡ ᠪᠦᠲᠦᠮᠵᠢ ᠶᠢ ᠪᠠᠲᠤᠯᠠᠵᠤ᠂ ᠠᠵᠢᠯ ᠤᠨ ᠳᠤᠮᠳᠠ ᠪᠠᠨ ᠲᠦᠷᠭᠡᠨ | ᠠᠪᠤᠷᠠᠯᠲᠠ ᠶᠢᠨ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ︽ᠰᠠᠭᠠᠳ ᠦᠭᠡᠢ ᠨᠡᠪᠲᠡᠷᠡᠬᠦ ᠵᠠᠮ︾ ᠤᠨ | ᠲᠡᠮᠳᠡᠭ ᠢ ᠨᠢᠭᠡᠳᠦᠯᠲᠡᠢ ᠪᠣᠯᠭᠠᠵᠤ᠂ ᠤᠷᠢᠳᠠᠪᠠᠷ ᠣᠨᠣᠰᠢᠯᠠᠨ ᠡᠮᠨᠡᠵᠦ ᠳᠠᠷᠠᠭ᠎ᠠ ᠨᠢ ᠰᠦᠢᠳᠬᠡᠯ ᠲᠤᠰᠢᠶᠠᠬᠤ ᠶᠢ | ᠬᠡᠷᠡᠭᠵᠢᠭᠦᠯᠦᠨ᠂ ᠡᠮᠨᠡᠯᠭᠡ ᠶᠢᠨ ᠬᠤᠷᠢᠶᠠᠨ ᠤ ᠡᠮᠦᠨᠡᠬᠢ ᠲᠦᠷᠭᠡᠨ ᠠᠪᠤᠷᠠᠯᠲᠠ᠂ ᠦᠨᠳᠦᠰᠦᠨ ᠱᠠᠲᠤᠨ ᠳᠤ | ᠰᠢᠯᠵᠢᠭᠦᠯᠦᠨ ᠡᠮᠨᠡᠭᠦᠯᠬᠦ ᠠᠴᠠ ᠡᠮᠨᠡᠯᠭᠡ ᠶᠢᠨ ᠬᠤᠷᠢᠶᠠᠨ ᠤ ᠣᠯᠠᠨ ᠰᠢᠨᠵᠢᠯᠡᠭᠡᠨ ᠤ ᠰᠠᠯᠠᠭ᠎ᠠ ᠶᠢᠨ ᠬᠠᠮᠲᠤᠷᠠᠨ | ᠣᠨᠣᠰᠢᠯᠠᠨ ᠵᠠᠰᠠᠬᠤ ᠶᠠᠪᠤᠴᠠ ᠶᠢᠨ ᠰᠠᠭᠠᠳ ᠦᠭᠡᠢ ᠨᠡᠪᠲᠡᠷᠡᠬᠦ ᠶᠢ ᠪᠡᠶᠡᠯᠡᠭᠦᠯᠪᠡ᠃ ᠡᠭᠦᠨ ᠤ ᠬᠠᠮᠲᠤ ᠰᠢᠶᠠᠨ ᠤ | ᠱᠠᠲᠤᠨ ᠤ ᠡᠮᠨᠡᠯᠭᠡ ᠶᠢᠨ ᠬᠤᠷᠢᠶᠠᠨ ᠤ ᠲᠦᠷᠭᠡᠨ ᠠᠪᠤᠷᠠᠯᠳᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ | ᠲᠥᠪ ᠡᠮᠨᠡᠯᠭᠡ ᠶᠢᠨ ᠬᠤᠷᠢᠶᠠᠨ ᠳᠤ ᠲᠦᠰᠢᠭᠯᠡᠨ ᠰᠢᠷᠬ᠎ᠠ ᠶᠢᠨ ᠲᠥᠪ᠂ ᠬᠦᠨᠳᠦ ᠲᠦᠭᠰᠢᠭᠦᠷᠢᠲᠡᠢ ᠵᠢᠷᠮᠦᠰᠦᠨ | ᠡᠮᠡᠭᠲᠡᠢ ᠶᠢ ᠠᠪᠤᠷᠠᠨ ᠵᠠᠰᠠᠬᠤ ᠲᠥᠪ᠂ ᠬᠦᠨᠳᠦ ᠲᠦᠭᠰᠢᠭᠦᠷᠢᠲᠡᠢ ᠬᠡᠦᠬᠡᠳ ᠵᠢᠴᠢ ᠨᠢᠯᠬ᠎ᠠ ᠬᠡᠦᠬᠡᠳ ᠢ ᠠᠪᠤᠷᠠᠨ | ᠵᠠᠰᠠᠬᠤ ᠲᠥᠪ ᠵᠡᠷᠭᠡ ᠲᠦᠷᠭᠡᠨ ᠡᠮᠨᠡᠬᠦ ᠲᠦᠷᠭᠡᠨ ᠠᠪᠤᠷᠠᠯᠳᠠ ᠶᠢᠨ ᠲᠠᠪᠤᠨ ᠶᠡᠭᠡ ᠲᠥᠪ ᠢ ᠪᠠᠶᠢᠭᠤᠯᠬᠤ ᠶᠢᠨ ᠬᠠᠮᠲᠤ | ᠤᠯᠤᠰ ᠤᠨ ᠭᠡᠷᠡᠴᠢᠯᠡᠭᠡ ᠶᠢ ᠪᠠᠲᠤᠯᠠᠨ᠎ᠠ᠃ | 【ᠬᠥᠲᠥᠯᠥᠭᠴᠢ】 ᠣᠳᠣᠬᠠᠨ ᠳᠤ ᠵᠠᠷᠢᠮ ᠬᠦᠨᠳᠦ ᠡᠪᠡᠳᠴᠢᠲᠡᠨ ᠳᠤ᠂ ᠡᠮᠴᠢᠯᠡᠭᠡᠨ ᠤ ᠲᠠᠭᠠᠯᠠᠮᠵᠢᠲᠠᠢ ᠴᠢᠨᠠᠷ ᠤᠨ | ᠲᠠᠯ᠎ᠠ ᠪᠠᠷ ᠰᠢᠨ᠎ᠡ ᠱᠠᠭᠠᠷᠳᠠᠯᠭ᠎ᠠ ᠲᠠᠯᠪᠢᠵᠤ ᠪᠠᠶᠢᠨ᠎ᠠ᠂ ᠬᠦᠨᠳᠦ ᠡᠪᠡᠳᠴᠢᠲᠡᠨ ᠢ ᠠᠪᠤᠷᠠᠨ ᠵᠠᠰᠠᠬᠤ ᠠᠵᠢᠯ ᠢ ᠪᠢᠳᠡ | ᠬᠡᠷᠬᠢᠨ ᠥᠷᠨᠢᠭᠦᠯᠵᠦ ᠪᠠᠶᠢᠭ᠎ᠠ ᠪᠣᠶ︖ | 【ᠼᠤᠤ ᠬᠠᠨ ᠭᠠᠩ】᠄ ᠡᠪᠡᠳᠴᠢᠲᠡᠨ ᠢ ᠡᠮᠨᠡᠨ ᠵᠠᠰᠠᠬᠤ ᠳᠤ ᠲᠠᠭᠠᠯᠠᠮᠵᠢᠲᠠᠢ ᠪᠣᠯᠭᠠᠬᠤ ᠰᠢᠨ᠎ᠡ ᠬᠡᠷᠡᠭᠴᠡᠭᠡ ᠶᠢ | ᠲᠠᠰᠤᠷᠠᠯᠲᠠ ᠦᠭᠡᠢ ᠬᠠᠩᠭᠠᠬᠤ ᠶᠢᠨ ᠲᠥᠯᠥᠭᠡ᠂ ᠮᠠᠨ ᠤ ᠰᠢᠶᠠᠨ ᠡᠮᠴᠢᠯᠡᠭᠡᠨ ᠤ ᠦᠢᠯᠡᠴᠢᠯᠡᠭᠡᠨ ᠤ ᠲᠥᠪ ᠢ | ᠬᠥᠭᠵᠢᠭᠦᠯᠬᠦ ᠪᠠᠷ ᠳᠠᠮᠵᠢᠭᠤᠯᠵᠤ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠵᠡᠢ᠃ ᠨᠢᠭᠡ ᠳᠤ | ᠰᠢᠶᠠᠨ ᠤ ᠲᠥᠪ ᠡᠮᠨᠡᠯᠭᠡ ᠶᠢᠨ ᠬᠤᠷᠢᠶ᠎ᠠ ᠳᠤ ᠲᠦᠰᠢᠭᠯᠡᠨ ᠬᠠᠪᠤᠳᠠᠷ ᠤᠨ ᠲᠥᠪ᠂ ᠪᠢᠴᠢᠯ ᠰᠢᠷᠬᠠᠨ ᠤ ᠡᠮᠴᠢᠯᠡᠭᠡᠨ ᠤ | ᠲᠥᠪ᠂ ᠮᠢᠨᠴᠦᠷᠡᠭᠦᠯᠭᠡ ᠶᠢᠨ ᠡᠪᠡᠳᠬᠦ ᠶᠢ ᠣᠨᠣᠰᠢᠯᠠᠨ ᠡᠮᠨᠡᠬᠦ ᠲᠥᠪ᠂ ᠬᠦᠨᠳᠦ ᠡᠪᠡᠳᠴᠢᠲᠡᠨ ᠢ ᠬᠢᠨᠠᠨ ᠬᠠᠮᠠᠭᠠᠯᠠᠬᠤ | ᠲᠥᠪ ᠵᠡᠷᠭᠡ ᠲᠠᠪᠤᠨ ᠶᠡᠭᠡ ᠡᠮᠴᠢᠯᠡᠭᠡᠨ ᠤ ᠦᠢᠯᠡᠴᠢᠯᠡᠭᠡᠨ ᠤ ᠲᠥᠪ ᠪᠠᠶᠢᠭᠤᠯᠵᠤ᠂ ᠰᠢᠨᠵᠢᠯᠡᠭᠡᠨ ᠤ ᠰᠠᠯᠠᠭ᠎ᠠ ᠶᠢᠨ | ᠪᠠᠶᠢᠭᠤᠯᠤᠯᠲᠠ ᠶᠢᠨ ︽ᠭᠤᠣᠯᠳᠠᠯᠭᠠᠲᠤ︾ ᠴᠢᠳᠠᠪᠤᠷᠢ ᠣᠯᠭᠤᠬᠤ ᠠᠵᠢᠯᠯᠠᠭ᠎ᠠ ᠨᠢ ᠡᠮᠨᠡᠯᠭᠡ ᠶᠢᠨ ᠬᠤᠷᠢᠶ᠎ᠠ ᠶᠢᠨ | ᠴᠢᠨᠠᠷ ᠰᠠᠶᠢᠲᠠᠢ ᠬᠥᠭᠵᠢᠯᠲᠡ ᠶᠢᠨ ᠶᠠᠪᠤᠴᠠ ᠨᠢᠭᠡᠪᠦᠷᠢ ᠳᠤ ᠢᠯᠡᠷᠡᠵᠡᠢ᠃ ᠬᠤᠶᠠᠷ ᠲᠤ᠂ ᠬᠠᠪᠤᠳᠠᠷ ᠢ ᠰᠡᠷᠭᠡᠶᠢᠯᠡᠨ | ᠵᠠᠰᠠᠬᠤ ᠲᠥᠪ᠂ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠲᠥᠪ ᠲᠤ ᠲᠦᠰᠢᠭᠯᠡᠨ᠂ ᠬᠠᠪᠤᠳᠠᠷ᠂ | ᠤᠳᠠᠭᠠᠨ ᠴᠢᠨᠠᠷᠲᠠᠢ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ ᠪᠠ ᠡᠷᠡᠭᠦᠯᠵᠢᠭᠦᠯᠬᠦ ᠠᠵᠢᠯ ᠢ | ᠥᠷᠨᠢᠭᠦᠯᠵᠦ᠂ ᠰᠢᠶᠠᠨ ᠤ ᠬᠡᠪᠴᠢᠶᠡᠨ ᠳᠠᠬᠢ ᠪᠤᠰᠤᠳ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ | ᠪᠦᠲᠦᠮᠵᠢᠲᠡᠢ ᠬᠤᠯᠪᠤᠭᠠᠯᠠᠨ ᠬᠥᠳᠡᠯᠦᠯᠴᠡᠬᠦ ᠶᠢ ᠪᠦᠷᠢᠯᠳᠦᠭᠦᠯᠵᠦ᠂ ᠡᠮ ᠡᠮᠨᠡᠯᠭᠡ ᠶᠢᠨ ᠦᠢᠯᠡᠴᠢᠯᠡᠭᠡ ᠶᠢᠨ | ᠦᠷᠭᠦᠯᠵᠢᠯᠡᠬᠦ ᠴᠢᠨᠠᠷ ᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃ ᠭᠤᠷᠪᠠ ᠳᠤ᠂ ᠮᠢᠨᠴᠦᠭᠦᠷᠡᠭᠦᠯᠬᠦ ᠡᠪᠡᠳᠬᠦ ᠶᠢ | ᠣᠨᠣᠰᠢᠯᠠᠨ ᠡᠮᠨᠡᠬᠦ ᠲᠥᠪ ᠲᠤ ᠲᠦᠰᠢᠭᠯᠡᠨ᠂ ᠮᠡᠰᠡ ᠵᠠᠰᠠᠯ ᠤᠨ ᠬᠤᠭᠤᠴᠠᠭᠠᠨ ᠤ ᠲᠦᠷᠭᠡᠨ ᠴᠢᠨᠠᠷᠲᠠᠢ ᠡᠪᠡᠳᠬᠦ ᠶᠢ | ᠡᠮᠨᠡᠨ ᠵᠠᠰᠠᠬᠤ ᠶᠢ ᠠᠬᠢᠭᠤᠯᠵᠤ᠂ ᠮᠡᠰᠡ ᠵᠠᠰᠠᠯ ᠤᠨ ᠲᠠᠰᠤᠭ ᠤᠨ ᠭᠠᠳᠠᠨᠠᠬᠢ ᠮᠢᠨᠴᠦᠭᠦᠷᠡᠭᠦᠯᠬᠦ ᠪᠠ ᠡᠪᠡᠳᠬᠦ ᠶᠢ | ᠵᠣᠭᠰᠤᠭᠠᠬᠤ ᠡᠮᠨᠡᠨ ᠵᠠᠰᠠᠯᠲᠠ ᠶᠢ ᠥᠷᠨᠢᠭᠦᠯᠵᠦ᠂ ᠡᠪᠡᠳᠴᠢᠲᠡᠨ ᠤ ᠣᠨᠣᠰᠢᠯᠠᠨ ᠡᠮᠨᠡᠬᠦ ᠳᠤ ᠲᠠᠭᠠᠯᠠᠮᠵᠢᠲᠠᠢ ᠪᠠᠶᠢᠬᠤ | ᠰᠢᠨ᠎ᠡ ᠱᠠᠭᠠᠷᠳᠠᠯᠭ᠎ᠠ ᠶᠢ ᠦᠷᠭᠦᠯᠵᠢᠯᠡᠨ ᠬᠠᠩᠭᠠᠨ᠎ᠠ᠃ | 【ᠬᠥᠲᠥᠯᠥᠭᠴᠢ】 ᠮᠠᠨ ᠤ ᠰᠢᠶᠠᠨ ᠮᠢᠩᠭᠠᠨ ᠰᠢᠶᠠᠨ ᠤ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠲᠦᠯᠬᠢᠨ | ᠠᠬᠢᠭᠤᠯᠬᠤ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠶᠠᠪᠤᠴᠠ ᠳᠤ ᠶᠠᠮᠠᠷ ᠶᠠᠮᠠᠷ ᠠᠵᠢᠯ ᠬᠢᠭᠰᠡᠨ ᠪᠣᠶ︖ | 【ᠼᠤᠤ ᠬᠠᠨ ᠭᠠᠩ】ᠮᠠᠨ ᠤ ᠰᠢᠶᠠᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢ ᠲᠠᠰᠤᠷᠠᠯᠲᠠ | ᠦᠭᠡᠢ ᠴᠢᠩᠭᠠᠳᠬᠠᠵᠤ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠭᠤᠣᠯᠯᠠᠭᠴᠢ ᠴᠢᠳᠠᠪᠤᠷᠢ ᠶᠢ | ᠳᠡᠭᠡᠭᠰᠢᠯᠡᠭᠦᠯᠵᠡᠢ᠃ ᠨᠢᠭᠡ ᠲᠠᠯ᠎ᠠ ᠪᠠᠷ᠂ ᠲᠤᠰᠬᠠᠢ ᠮᠡᠷᠭᠡᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠭᠤᠣᠯᠳᠠᠯᠭ᠎ᠠ ᠲᠠᠢ ᠡᠪᠡᠳᠴᠢᠨ ᠤ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ᠂ | ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ᠂ ᠡᠮᠴᠢᠯᠡᠭᠡᠨ ᠤ ᠦᠷ᠎ᠡ ᠪᠦᠲᠦᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠵᠡᠷᠭᠡ ᠲᠠᠯ᠎ᠠ ᠪᠠᠷ ᠨᠠᠷᠢᠨ ᠲᠥᠯᠦᠪᠵᠢᠭᠦᠯᠭᠡ ᠬᠢᠵᠦ᠂ ᠲᠥᠷᠥ ᠶᠢᠨ ᠪᠣᠳᠣᠯᠭ᠎ᠠ᠂ ᠲᠥᠬᠦᠭᠡᠷᠦᠮᠵᠢ᠂ ᠴᠢᠳᠠᠪᠤᠷᠢᠲᠠᠨ ᠢ | ᠬᠥᠮᠥᠵᠢᠭᠦᠯᠬᠦ ᠵᠡᠷᠭᠡ ᠡᠯ᠎ᠡ ᠲᠠᠯ᠎ᠠ ᠪᠠᠷ ᠳᠡᠮᠵᠢᠯᠭᠡ ᠦᠵᠡᠭᠦᠯᠦᠨ᠎ᠡ᠃ ᠣᠳᠣᠬᠠᠨ ᠳᠤ᠂ ᠰᠢᠶᠠᠨ ᠤ ᠭᠤᠣᠯ | ᠡᠮᠨᠡᠯᠭᠡ ᠶᠢᠨ ᠬᠤᠷᠢᠶ᠎ᠠ ᠳᠤ ᠲᠦᠷᠭᠡᠨ ᠡᠮᠨᠡᠬᠦ ᠰᠠᠯᠠᠭ᠎ᠠ᠂ ᠶᠠᠰᠤᠨ ᠤ ᠰᠠᠯᠠᠭ᠎ᠠ᠂ ᠡᠩ ᠤᠨ ᠭᠠᠳᠠᠷ ᠡᠮᠨᠡᠯᠭᠡ ᠶᠢᠨ | ᠰᠠᠯᠠᠭ᠎ᠠ ᠵᠡᠷᠭᠡ ᠬᠤᠲᠠ ᠶᠢᠨ ᠲᠠᠰ ᠤᠨ 8 ᠭᠤᠣᠯᠳᠠᠯᠭ᠎ᠠ ᠲᠠᠢ ᠲᠤᠰᠬᠠᠢ ᠡᠮᠨᠡᠯᠭᠡ ᠶᠢᠨ ᠰᠠᠯᠠᠭ᠎ᠠ ᠪᠣᠶ᠃ ᠣᠶᠢᠷ᠎ᠠ ᠶᠢᠨ | ᠵᠢᠯ ᠤᠳ ᠲᠤ᠂ ᠡᠯ᠎ᠡ ᠲᠤᠰᠬᠠᠢ ᠰᠠᠯᠠᠭᠠᠨ ᠤ ᠬᠢᠨ ᠳᠣᠲᠣᠷ ᠳᠤᠷᠠᠨ ᠤ ᠪᠢᠴᠢᠯ ᠡᠭᠦᠳᠦᠯᠲᠡ ᠶᠢᠨ ᠰᠥᠰᠥ ᠶᠢ | ᠬᠠᠮᠠᠭᠠᠯᠠᠬᠤ᠂ ᠪᠡᠶᠡᠲᠦ ᠴᠢᠭᠯᠡᠯ ᠤᠨ ᠳᠣᠣᠷ᠎ᠠ ᠲᠠᠷᠢᠬᠢᠨ ᠭᠤᠣᠯ ᠤᠨ ᠴᠢᠰᠤᠨ ᠬᠠᠪᠤᠳᠠᠷ ᠤᠨ ᠣᠨᠣᠪᠴᠢᠲᠠᠶ ᠣᠷᠣᠨ | ᠲᠣᠭᠲᠠᠭᠠᠨ ᠭᠤᠭᠤᠵᠢᠭᠤᠯᠬᠤ ᠮᠡᠷᠭᠡᠵᠢᠯ ᠵᠡᠷᠭᠡ ᠵᠠᠭᠤᠨ ᠵᠦᠢᠯ ᠤᠨ ᠰᠢᠨ᠎ᠡ ᠮᠡᠷᠭᠡᠵᠢᠯ ᠤᠨ ᠵᠦᠢᠯᠡᠰ ᠢ ᠵᠠᠯᠭᠠᠭ᠎ᠠ ᠪᠠᠷ | ᠥᠷᠨᠢᠭᠦᠯᠵᠦ᠂ ᠨᠢᠩᠴᠧᠩ ᠣᠷᠣᠨ ᠤ ᠬᠤᠭᠤᠰᠤᠨ ᠢ ᠨᠥᠬᠦᠪᠦᠷᠢᠯᠡᠵᠦ᠂ ᠨᠢᠩᠴᠧᠩ ᠤᠨ ᠣᠯᠠᠨ ᠲᠦᠮᠡᠨ ᠳᠤ ︽ | ᠬᠦᠨᠳᠦ ᠡᠪᠡᠳᠴᠢᠯᠡᠪᠡᠯ ᠰᠢᠶᠠᠨ ᠠᠴᠠ ᠭᠠᠷᠬᠤ ᠦᠭᠡᠢ︾ ᠡᠮᠴᠢᠯᠡᠭᠡᠨ ᠤ ᠠᠰᠢᠭ ᠲᠤᠰᠠ ᠶᠢ ᠬᠦᠷᠲᠡᠭᠡᠭᠰᠡᠨ ᠪᠠᠶᠢᠨ᠎ᠠ᠃ | ᠨᠥᠭᠦᠭᠡ ᠲᠠᠯ᠎ᠠ ᠪᠠᠷ᠂ ᠢᠨᠲ᠋ᠧᠷ ᠰᠦᠯᠵᠢᠶᠡᠨ ᠤ ᠡᠮᠴᠢᠯᠡᠭᠡ ᠶᠢ ᠶᠡᠭᠡ ᠪᠠᠷ ᠬᠥᠭᠵᠢᠭᠦᠯᠵᠦ᠂ ᠰᠢᠶᠠᠨ ᠤ ᠲᠥᠪ | ᠡᠮᠨᠡᠯᠭᠡ ᠶᠢᠨ ᠬᠤᠷᠢᠶ᠎ᠠ ᠳᠤ ︽ᠢᠨᠲ᠋ᠧᠷ ᠰᠦᠯᠵᠢᠶ᠎ᠡ + ᠰᠤᠪᠢᠯᠠᠭᠴᠢ ᠭᠡᠷ ᠲᠤᠨᠢ ᠬᠦᠷᠬᠦ︾ ᠦᠢᠯᠡᠴᠢᠯᠡᠭᠡ | ᠥᠷᠨᠢᠭᠦᠯᠵᠦ᠂ ᠵᠢᠯ ᠤᠨ ᠳᠣᠲᠣᠷ᠎ᠠ ᠡᠪᠡᠳᠴᠢᠲᠡᠨ ᠳᠤ 820 ᠬᠥᠮᠥᠨ ᠤᠳᠠᠭ᠎ᠠ ᠦᠢᠯᠡᠴᠢᠯᠡᠵᠦ᠂ ᠡᠪᠡᠳᠴᠢᠲᠡᠨ ᠤ | ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠶᠢ 100% ᠳᠤ ᠬᠦᠷᠭᠡᠪᠡ᠃ | 【ᠬᠥᠲᠥᠯᠥᠭᠴᠢ】 ᠼᠤᠤ ᠡᠷᠬᠢᠯᠡᠭᠴᠢ ᠪᠢᠳᠡᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ | ᠣᠳᠣᠬᠠᠨ ᠤ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠤ ᠦᠨᠳᠦᠰᠦᠨ ᠪᠠᠶᠢᠳᠠᠯ ᠢ ᠨᠠᠷᠢᠨ | ᠲᠠᠨᠢᠯᠴᠠᠭᠤᠯᠵᠤ ᠥᠭᠭᠦᠭᠰᠡᠨ ᠪᠥᠭᠡᠳ ᠰᠢᠶᠠᠨ ᠤ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ | ᠦᠢᠯᠡᠴᠢᠯᠡᠭᠡᠨ ᠤ ᠴᠢᠳᠠᠪᠤᠷᠢ ᠶᠢᠨ ᠲᠤᠬᠠᠢ ᠭᠦᠨᠵᠡᠭᠡᠢ ᠣᠶᠢᠯᠠᠭᠠᠯᠲᠠ ᠲᠠᠢ ᠪᠣᠯᠭᠠᠵᠠᠢ᠃ ᠳᠣᠣᠷ᠎ᠠ ᠰᠦᠯᠵᠢᠶᠡᠨ ᠤ | ᠠᠨᠳᠠ ᠨᠠᠷ ᠤᠨ ᠼᠤᠤ ᠡᠷᠬᠢᠯᠡᠭᠴᠢ ᠠᠴᠠ ᠠᠰᠠᠭᠤᠯᠲᠠ ᠠᠰᠠᠭᠤᠵᠤ ᠪᠣᠯᠣᠨ᠎ᠠ᠃ | 【ᠰᠦᠯᠵᠢᠶᠡᠨ ᠤ ᠨᠠᠶᠢᠵᠠ ᠰᠢᠶᠣᠣ ᠢᠦᠢ】 ᠼᠤᠤ ᠡᠷᠬᠢᠯᠡᠭᠴᠢ ᠠ᠋᠂ ᠪᠢ ᠪᠣᠯ ᠡᠪᠡᠳᠴᠢᠲᠡᠨ ᠤ ᠭᠡᠷ ᠤᠨ ᠬᠥᠮᠥᠨ᠂ | ᠮᠢᠨᠤ ᠭᠡᠷ ᠤᠨ ᠬᠥᠮᠥᠰ ᠵᠢᠷᠦᠬᠡᠨ ᠲᠢᠲᠢᠮ ᠤᠨ ᠡᠪᠡᠳᠴᠢᠨ ᠳᠤ ᠨᠡᠯᠢᠶᠡᠳ ᠬᠦᠨᠳᠦ ᠨᠡᠷᠪᠡᠭᠳᠡᠭᠰᠡᠨ᠂ ᠡᠭᠦᠳᠡᠨ | ᠡᠮᠨᠡᠯᠭᠡ ᠶᠢᠨ ᠡᠮᠴᠢ ᠠᠴᠠ ᠵᠢᠷᠦᠬᠡᠨ ᠤ ᠬᠥᠭᠦᠷᠭᠡ ᠲᠠᠯᠪᠢᠬᠤ ᠮᠡᠰᠡ ᠵᠠᠰᠠᠯ ᠬᠢᠬᠦ ᠴᠢᠬᠤᠯᠠᠲᠠᠢ ᠭᠡᠵᠦ ᠦᠵᠡᠵᠦ | ᠪᠠᠶᠢᠪᠠ᠃ ᠬᠡᠷᠪᠡ ᠮᠠᠨ ᠤ ᠰᠢᠶᠠᠨ ᠳᠤ ᠪᠡᠭᠡᠵᠢᠩ ᠤᠨ ᠲᠤᠰᠬᠠᠢ ᠮᠡᠷᠭᠡᠵᠢᠯᠲᠡᠨ ᠢ ᠤᠷᠢᠳᠴᠢᠯᠠᠨ ᠪᠣᠯᠵᠣᠵᠤ ᠡᠶᠢᠮᠦ | ᠶᠡᠭᠡ ᠮᠡᠰᠡ ᠵᠠᠰᠠᠯ ᠬᠢᠯᠭᠡᠶ᠎ᠡ ᠭᠡᠪᠡᠯ ᠪᠢ ᠶᠠᠭᠠᠬᠢᠵᠤ ᠤᠷᠢᠳᠴᠢᠯᠠᠨ ᠪᠣᠯᠵᠣᠪᠠᠯ ᠵᠣᠬᠢᠬᠤ ᠪᠤᠢ︖ | 【ᠼᠤᠤ ᠬᠠᠨ ᠭᠠᠩ】 ᠲᠠᠨ ᠤ ᠭᠡᠷ ᠤᠨ ᠬᠥᠮᠥᠰ ᠤᠨ ᠡᠨᠡ ᠪᠠᠶᠢᠳᠠᠯ ᠢ ᠮᠠᠨ ᠤ ᠰᠢᠶᠠᠨ ᠳᠤ ᠭᠠᠳᠠᠨ᠎ᠠ ᠠᠴᠠ | ᠲᠤᠰᠬᠠᠢ ᠮᠡᠷᠭᠡᠵᠢᠯᠲᠡᠨ ᠵᠠᠯᠠᠵᠤ ᠮᠡᠰᠡ ᠵᠠᠰᠠᠯ ᠬᠢᠯᠭᠡᠬᠦ ᠳᠤ ᠶᠠᠮᠠᠷ ᠴᠤ ᠠᠰᠠᠭᠤᠳᠠᠯ ᠦᠭᠡᠢ᠃ ᠬᠡᠯᠡᠯᠭᠡᠨ ᠦᠭᠡᠢ | ᠨᠢᠩᠴᠧᠩ ᠰᠢᠶᠠᠨ ᠤ ᠭᠤᠣᠯ ᠡᠮᠨᠡᠯᠭᠡ ᠶᠢᠨ ᠬᠤᠷᠢᠶᠠᠨ ᠤ ᠵᠢᠷᠦᠬᠡ ᠴᠡᠭᠡᠵᠢᠨ ᠤ ᠭᠠᠳᠠᠷ ᠰᠠᠯᠠᠭᠠᠨ ᠤ ᠡᠮᠨᠡᠯᠭᠡ ᠶᠢᠨ | ᠬᠤᠷᠢᠶᠠᠨ ᠤ ᠲᠢᠲᠢᠮ ᠰᠤᠳᠠᠯ ᠤᠨ ᠬᠥᠭᠦᠷᠭᠡ ᠲᠠᠯᠪᠢᠬᠤ ᠮᠡᠰᠡ ᠵᠠᠰᠠᠯ ᠬᠢᠭᠡᠳ ᠣᠯᠠᠨ ᠵᠢᠯ ᠪᠣᠯᠵᠤ᠂ ᠡᠮᠴᠢᠯᠡᠭᠡᠨ ᠤ | ᠮᠡᠷᠭᠡᠵᠢᠯ ᠪᠠ ᠲᠥᠬᠦᠭᠡᠷᠦᠮᠵᠢ ᠲᠥᠬᠦᠭᠡᠷᠦᠮᠵᠢ ᠶᠢᠨ ᠨᠥᠬᠦᠴᠡᠯ ᠪᠦᠷ ᠪᠣᠯᠪᠠᠰᠤᠷᠠᠩᠭᠤᠢ ᠪᠣᠯᠤᠭᠰᠠᠨ ᠪᠠᠶᠢᠨ᠎ᠠ᠃ | ᠨᠢᠭᠡᠨᠲᠡ ᠤᠯᠤᠰ ᠤᠨ ᠳᠣᠲᠣᠭᠠᠳᠤ ᠶᠢᠨ ᠵᠢᠷᠦᠬᠡᠨ ᠤ ᠭᠠᠳᠠᠷ ᠰᠠᠯᠠᠭᠠᠨ ᠤ ᠨᠠᠷᠠᠲᠤ ᠲᠤᠰᠬᠠᠢ ᠮᠡᠷᠭᠡᠵᠢᠯᠲᠡᠨ ᠢ | ᠡᠮᠨᠡᠯᠭᠡ ᠳᠤ ᠤᠷᠢᠵᠤ᠂ ᠣᠯᠠᠨ ᠬᠦᠨᠳᠦ ᠬᠡᠯᠪᠡᠷᠢ ᠶᠢᠨ ᠵᠢᠷᠦᠬᠡᠨ ᠲᠢᠲᠢᠮ ᠤᠨ ᠡᠪᠡᠳᠴᠢᠨ ᠲᠠᠢ ᠡᠪᠡᠳᠴᠢᠲᠡᠨ ᠳᠤ | ᠲᠢᠲᠢᠮ ᠰᠤᠳᠠᠯ ᠤᠨ ᠬᠥᠭᠦᠷᠭᠡ ᠲᠠᠯᠪᠢᠬᠤ ᠮᠡᠰᠡ ᠵᠠᠰᠠᠯ ᠬᠢᠯᠭᠡᠵᠡᠢ᠃ ᠲᠠ ᠰᠢᠭᠤᠳ ᠨᠢᠩᠴᠧᠩ ᠰᠢᠶᠠᠨ ᠤ ᠲᠥᠪ | ᠡᠮᠨᠡᠯᠭᠡ ᠶᠢᠨ ᠬᠤᠷᠢᠶᠠᠨ ᠤ ᠵᠢᠷᠦᠬᠡ ᠴᠡᠭᠡᠵᠢᠨ ᠤ ᠭᠠᠳᠠᠷ ᠰᠠᠯᠠᠭᠠᠨ ᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠦᠨ᠂ | ᠡᠮᠴᠢ ᠳᠤ ᠪᠠᠶᠢᠳᠠᠯ ᠢ ᠲᠣᠳᠣᠷᠬᠠᠶᠢᠯᠠᠨ᠂ ᠡᠮᠴᠢ ᠪᠠᠷ ᠳᠠᠮᠵᠢᠭᠤᠯᠤᠨ ᠲᠤᠰᠬᠠᠢ ᠮᠡᠷᠭᠡᠵᠢᠯᠲᠡᠨ ᠢ ᠤᠷᠢᠳᠴᠢᠯᠠᠨ | ᠪᠣᠯᠵᠣᠵᠤ ᠡᠮᠨᠡᠯᠭᠡ ᠶᠢᠨ ᠬᠤᠷᠢᠶᠠᠨ ᠳᠤ ᠢᠷᠡᠭᠦᠯᠵᠦ ᠭᠡᠷ ᠤᠨ ᠬᠥᠮᠥᠰ ᠲᠡᠭᠡᠨ ᠮᠡᠰᠡ ᠵᠠᠰᠠᠯ ᠬᠢᠯᠭᠡᠵᠦ ᠪᠣᠯᠣᠨ᠎ᠠ᠃ | 【ᠰᠦᠯᠵᠢᠶᠡᠨ ᠤ ᠨᠠᠶᠢᠵᠠ ᠬᠤᠸᠠ ᠬᠠᠢ】ᠮᠠᠨ ᠤ ᠭᠡᠷ ᠪᠣᠯ ᠵᠠᠰᠠᠭ ᠤᠨ ᠣᠷᠳᠣᠨ ᠠᠴᠠ ᠲᠣᠭᠲᠠᠭᠠᠭᠰᠠᠨ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠷᠦᠬᠡ ᠮᠥᠨ᠂ ᠣᠳᠣ ᠭᠡᠷ ᠲᠤ ᠬᠥᠮᠥᠨ ᠡᠪᠡᠳᠴᠢᠯᠡᠭᠡᠳ ᠰᠢᠶᠠᠨ ᠤ | ᠡᠮᠨᠡᠯᠭᠡ ᠶᠢᠨ ᠬᠤᠷᠢᠶᠠᠨ ᠳᠤ ᠣᠴᠢᠵᠤ ᠡᠮᠨᠡᠯᠭᠡ ᠳᠤ ᠰᠠᠭᠤᠬᠤ ᠰᠠᠨᠠᠭ᠎ᠠ ᠲᠠᠢ ᠪᠠᠶᠢᠨ᠎ᠠ᠂ ᠶᠠᠮᠠᠷ ᠭᠡᠷᠡᠴᠢ ᠠᠪᠬᠤ | ᠴᠢᠬᠤᠯᠠ ᠲᠠᠢ ᠪᠣᠢ︖ ᠡᠮᠨᠡᠯᠭᠡ ᠳᠤ ᠰᠠᠭᠤᠪᠠᠯ ᠶᠠᠭᠠᠬᠢᠵᠤ ᠳᠠᠩᠰᠠ ᠲᠠᠶᠢᠯᠬᠤ ᠪᠤᠶ︖ ᠤᠷᠢᠳ ᠢᠶᠠᠷ ᠵᠣᠭᠤᠰ ᠢᠶᠠᠨ | ᠲᠤᠰᠢᠶᠠᠬᠤ ᠬᠡᠷᠡᠭᠲᠡᠢ︖ | 【ᠼᠤᠤ ᠬᠠᠨ ᠭᠠᠩ】ᠲᠠᠨ ᠤ ᠡᠶᠢᠮᠦᠷᠬᠦᠦ ᠪᠠᠶᠢᠳᠠᠯ ᠳᠤ ᠰᠢᠶᠠᠨ ᠤ ᠵᠠᠰᠠᠭ ᠤᠨ ᠣᠷᠳᠣᠨ ᠲᠠᠨ ᠤ ᠨᠠᠭᠠᠲᠤ ᠵᠠᠬ᠎ᠠ | ᠶᠢᠨ ᠪᠠᠲᠤᠯᠠᠭ᠎ᠠ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠡᠯ᠎ᠡ ᠡᠮᠴᠢᠯᠡᠭᠡᠨ ᠤ ᠪᠠᠶᠢᠭᠤᠯᠤᠮᠵᠢ ᠳᠤ | ᠤᠷᠢᠳᠴᠢᠯᠠᠨ ᠬᠦᠷᠭᠡᠵᠦ ᠥᠭᠭᠦᠭᠰᠡᠨ ᠪᠠᠶᠢᠨ᠎ᠠ᠂ ᠥᠭᠡᠷ᠎ᠡ ᠪᠠᠷ ᠬᠡᠯᠡᠪᠡᠯ ᠲᠠ ᠰᠢᠶᠠᠨ ᠤ ᠠᠯᠢ ᠡᠮᠨᠡᠯᠭᠡ ᠶᠢᠨ | ᠬᠤᠷᠢᠶᠠᠨ ᠳᠤ ᠣᠴᠢᠵᠤ ᠡᠮᠨᠡᠯᠭᠡ ᠳᠤ ᠰᠠᠭᠤᠵᠤ ᠡᠮᠨᠡᠭᠦᠯᠵᠦ ᠪᠠᠶᠢᠬᠤ ᠪᠤᠶ᠂ ᠡᠮᠨᠡᠯᠭᠡ ᠳᠤ ᠰᠠᠭᠤᠬᠤ ᠭᠠᠷ | ᠭᠦᠢᠴᠡᠳᠬᠡᠯ ᠬᠢᠬᠦ ᠦᠶ᠎ᠡ ᠳᠤ ᠡᠮᠨᠡᠯᠭᠡ ᠳᠤ ᠰᠠᠭᠤᠬᠤ ᠭᠠᠵᠠᠷ ᠠᠴᠠ ᠲᠠᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠬᠤᠯᠪᠣᠭᠳᠠᠯ ᠪᠦᠬᠦᠢ ᠮᠡᠳᠡᠭᠡ ᠵᠠᠩᠭᠢ ᠶᠢ ᠥᠪᠡᠷ ᠢᠶᠠᠨ ᠢᠯᠭᠠᠨ ᠲᠠᠨᠢᠬᠤ ᠪᠣᠯᠣᠨ᠎ᠠ᠃ ᠣᠲᠣ ᠶᠢᠨ ᠬᠡᠷᠡᠭᠵᠢᠭᠦᠯᠵᠦ | ᠪᠠᠶᠢᠭ᠎ᠠ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠦᠨᠳᠦᠰᠦᠯᠡᠪᠡᠯ ︽ᠤᠷᠢᠳᠠᠪᠠᠷ ᠣᠨᠣᠰᠢᠯᠠᠨ | ᠡᠮᠨᠡᠵᠦ᠂ ᠳᠠᠷᠠᠭ᠎ᠠ ᠨᠢ ᠰᠦᠢᠳᠬᠡᠯ ᠲᠤᠰᠢᠶᠠᠬᠤ︾ ᠶᠢ ᠰᠢᠭᠤᠳ ᠬᠡᠷᠡᠭᠵᠢᠭᠦᠯᠵᠦ ᠪᠣᠯᠣᠨ᠎ᠠ᠂ ᠶᠠᠮᠠᠷ ᠴᠤ ᠭᠡᠷᠡᠴᠢ | ᠭᠠᠷᠭᠠᠬᠤ ᠴᠢᠬᠤᠯᠠ ᠦᠭᠡᠢ᠃ ᠡᠮᠨᠡᠯᠭᠡ ᠠᠴᠠ ᠭᠠᠷᠬᠤ ᠦᠶ᠎ᠡ ᠳᠤ ᠡᠮ ᠡᠮᠨᠡᠯᠭᠡ ᠶᠢᠨ ᠳᠠᠭᠠᠳᠬᠠᠯ ᠤᠨ ᠲᠠᠩᠰᠠ | ᠲᠠᠶᠢᠯᠬᠤ ᠴᠣᠩᠬᠤ ᠨᠢ ᠲᠠᠨ ᠤ ᠡᠮ ᠡᠮᠨᠡᠯᠭᠡ ᠶᠢᠨ ᠵᠠᠷᠤᠳᠠᠯ ᠢ ᠦᠨᠳᠦᠰᠦᠯᠡᠨ᠂ ᠣᠲᠣ ᠶᠢᠨ ᠬᠡᠷᠡᠭᠵᠢᠭᠦᠯᠵᠦ ᠪᠠᠶᠢᠭ᠎ᠠ | ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠲᠠᠨ ᠳᠤ ᠵᠣᠬᠢᠬᠤ ᠬᠠᠷᠢᠴᠠᠯ ᠢᠶᠠᠷ | ᠲᠠᠩᠰᠠ ᠲᠠᠶᠢᠯᠤᠨ᠎ᠠ﹀ | 【ᠬᠥᠲᠥᠯᠥᠭᠴᠢ】 ᠰᠦᠯᠵᠢᠶᠡᠨ ᠤ ᠨᠠᠶᠢᠵᠠ ᠨᠠᠷ ᠤᠨ ᠬᠠᠯᠠᠭᠤᠨ ᠢᠶᠠᠷ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ | ᠪᠠᠰᠠ ᠼᠤᠤ ᠡᠷᠬᠢᠯᠡᠭᠴᠢ ᠶᠠᠭᠠᠷᠠᠯᠲᠠᠢ ᠠᠵᠢᠯ ᠤᠨ ᠳᠤᠮᠳᠠ ᠪᠠᠨ ᠮᠠᠨ ᠤ ᠰᠤᠷᠪᠤᠯᠵᠢᠯᠠᠭ᠎ᠠ ᠳᠤ ᠣᠷᠣᠯᠴᠠᠭᠰᠠᠨ ᠳᠤ | ᠮᠠᠰᠢ ᠲᠠᠯᠠᠷᠬᠠᠵᠤ ᠪᠠᠶᠢᠨ᠎ᠠ᠃ ᠥᠨᠥᠳᠥᠷ ᠤᠨ ᠰᠣᠷᠪᠤᠯᠵᠢᠯᠠᠭ᠎ᠠ ᠠᠳᠡ ᠬᠥᠷᠥᠶ᠎ᠡ᠂ ᠰᠦᠯᠵᠢᠶᠡᠨ ᠤ ᠠᠨᠳᠠ ᠨᠠᠷ ᠡ᠂ | ᠪᠢᠳᠡ ᠲᠠᠷᠠᠭᠠᠴᠢ ᠶᠢᠨ ᠬᠤᠭᠤᠴᠠᠭᠠᠨ ᠳᠤ ᠪᠠᠶᠠᠷᠲᠠᠢ ᠵᠣᠯᠭᠠᠶ᠎ᠠ︕ | | | | | | | | | | | ᠁ |