| ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ᠂ ᠪᠥᠬᠦ ᠰᠢᠶᠠᠨ ᠤ ᠠᠷᠠᠳ ᠣᠯᠠᠨ ᠤ ᠢᠳᠡᠭᠡᠨ | ᠤᠮᠳᠠᠭᠠᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠵᠤ᠂ ᠢᠳᠡᠭᠡᠨ ᠤ | ᠵᠦᠢᠯ ᠡᠮ ᠤᠨ ᠵᠦᠢᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ | ᠣᠶᠢᠷ᠎ᠠ ᠳᠤ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠡᠷᠲᠡᠬᠡᠨ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠰᠢᠶᠠᠨ ᠤ ᠬᠡᠪᠴᠢᠶᠡᠨ ᠳᠤ ᠢᠳᠡᠭᠡᠨ ᠤ ᠵᠦᠢᠯ ᠡᠮ ᠤᠨ | ᠵᠦᠢᠯ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃ | ᠨᠢᠭᠡ ᠳᠤ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠶᠤᠯᠭᠦᠢ ᠶᠢᠨ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ᠢᠳᠡᠭᠡᠨ ᠤᠮᠳᠠᠭᠠᠨ ᠤ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ | ᠭᠤᠭᠴᠤᠭ᠎ᠠ ᠳᠤ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠡᠵᠡᠩᠨᠡᠯᠲᠡ ᠶᠢᠨ ᠲᠠᠯᠠᠪᠤᠷ | ᠭᠠᠵᠠᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ | ᠠᠷᠢᠭᠤᠳᠬᠠᠬᠤ᠂ ᠢᠳᠡᠭᠡᠨ ᠡᠳ᠋ᠰᠢᠭᠦᠯᠬᠦ ᠵᠢᠴᠢ ᠥᠯᠢᠭᠡᠷ ᠡᠳ᠋ ᠦᠯᠡᠳᠡᠭᠡᠬᠦ᠂ ᠭᠡᠷᠡᠴᠢ ᠪᠠᠷᠢᠮᠲᠠ ᠠᠪᠬᠤ ᠳᠦᠷᠢᠮ ᠢ | ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠪᠣᠳᠠᠲᠠᠶᠢᠵᠢᠭᠤᠯᠤᠭᠰᠠᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃ | ᠭᠦᠢᠯᠭᠡᠭᠡᠨ ᠤ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠭᠤᠭᠴᠤᠭ᠎ᠠ ᠳᠤ᠂ ᠪᠠᠶᠠᠷ ᠤᠨ ᠡᠳᠦᠷ ᠤᠨ | ᠬᠤᠭᠤᠴᠠᠭᠠᠨ ᠳᠤ ᠬᠡᠷᠡᠭᠯᠡᠭᠡᠨ ᠤ ᠬᠡᠮᠵᠢᠶ᠎ᠡ ᠪᠠᠷ ᠶᠡᠭᠡ ᠪᠠᠶᠢᠭ᠎ᠠ ᠪᠤᠯᠭᠤᠭᠰᠠᠨ ᠢᠳᠡᠭᠡᠨ ᠤ ᠵᠦᠢᠯ᠂ ᠢᠳᠡᠰᠢᠨ ᠨᠣᠭᠤᠭ᠎ᠠ᠂ | ᠬᠥᠯᠳᠡᠭᠡᠭᠰᠡᠨ ᠢᠳᠡᠭᠡᠨ᠂ ᠪᠣᠭᠤᠷᠰᠤᠭ᠂ ᠢᠳᠡᠰᠢᠨ ᠲᠣᠰᠣ᠂ ᠵᠢᠭᠦᠷᠲᠡᠨ ᠮᠠᠯ ᠤᠨ ᠮᠢᠬ᠎ᠠ ᠬᠢᠭᠡᠳ ᠤᠰᠤᠨ | ᠭᠠᠷᠤᠯᠲᠠ ᠪᠠᠷ ᠭᠤᠣᠯᠳᠠᠯᠭ᠎ᠠ ᠲᠠᠢ ᠲᠥᠷᠥᠯ ᠵᠦᠢᠯ ᠪᠣᠯᠭᠠᠨ᠂ ᠢᠳᠡᠭᠡᠨ ᠡᠵᠡᠩᠨᠡᠬᠦ ᠨᠢᠭᠡᠴᠡ ᠶᠢᠨ ᠬᠢᠷᠢ ᠴᠢᠳᠠᠮᠵᠢ ᠶᠢᠨ | ᠦᠨᠡᠮᠯᠡᠯ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ᠂ ᠭᠡᠷᠡᠴᠢ ᠪᠠᠷᠢᠮᠲᠠ ᠠᠪᠬᠤ ᠪᠠ ᠪᠠᠷᠠᠭ᠎ᠠ | ᠣᠷᠣᠭᠤᠯᠵᠤ ᠪᠣᠷᠣᠯᠠᠭᠤᠯᠤᠭᠰᠠᠨ ᠡᠬᠡ ᠲᠠᠩᠰᠠ᠂ ᠮᠠᠯ ᠵᠢᠭᠦᠷᠲᠡᠨ ᠮᠢᠬ᠎ᠠ ᠶᠢ ᠰᠢᠯᠭᠠᠨ ᠪᠠᠶᠢᠴᠠᠭᠠᠭᠰᠠᠨ ᠬᠢᠵᠢᠭ | ᠪᠠᠶᠢᠴᠠᠭᠠᠭᠰᠠᠨ ᠭᠡᠷᠡᠴᠢ᠂ ᠭᠠᠳᠠᠷ ᠪᠣᠭᠤᠳᠠᠯ ᠤᠨ ᠱᠣᠰᠢᠭ᠎ᠠ ᠲᠡᠮᠳᠡᠭ᠂ ᠬᠠᠳᠠᠭᠠᠯᠠᠬᠤ ᠨᠥᠬᠦᠴᠡᠯ ᠵᠡᠷᠭᠡ ᠪᠠᠶᠢᠳᠠᠯ ᠳᠤ | ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃ | ᠬᠤᠶᠠᠷ ᠲᠤ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ | ᠠᠮᠢᠳᠤᠷᠠᠯ ᠳᠤ ᠬᠡᠷᠡᠭᠯᠡᠬᠦ ᠡᠮ ᠤᠨ ᠠᠮᠤᠷ ᠲᠦᠪᠰᠢᠨ ᠢ ᠪᠠᠲᠤᠯᠠᠪᠠ᠃ ᠬᠠᠷᠢᠶᠠᠲᠤ ᠣᠷᠣᠨ ᠤ ᠡᠮ ᠤᠨ ᠵᠦᠢᠯ ᠢ | ᠵᠢᠵᠢᠭᠯᠡᠨ ᠬᠤᠳᠠᠯᠳᠤᠬᠤ᠂ ᠬᠡᠯᠬᠢᠶᠡᠵᠢᠭᠰᠡᠨ ᠠᠵᠤ ᠠᠬᠤᠶᠢᠯᠠᠯ ᠢᠶᠠᠷ ᠭᠤᠣᠯᠳᠠᠯᠭ᠎ᠠ ᠲᠠᠢ ᠡᠲᠡᠭᠡᠳ ᠪᠣᠯᠭᠠᠵᠤ᠂ | ᠲᠠᠭᠰᠢᠭᠤᠷ ᠤᠨ ᠡᠮ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠶᠢ ᠡᠰᠡᠷᠭᠦᠴᠡᠬᠦ᠂ ᠬᠠᠯᠠᠭᠤᠨ ᠢ ᠪᠠᠭᠤᠷᠠᠭᠤᠯᠬᠤ᠂ | ᠬᠠᠨᠢᠶᠠᠳᠤ ᠶᠢ ᠵᠣᠭᠰᠤᠭᠠᠬᠤ ᠵᠡᠷᠭᠡ ᠪᠠᠶᠢᠩᠭᠤ ᠬᠡᠷᠡᠭᠯᠡᠬᠦ ᠡᠮ ᠤᠨ ᠵᠦᠢᠯ ᠤᠨ ᠡᠵᠡᠩᠨᠡᠯᠲᠡ ᠶᠢᠨ ᠪᠠᠶᠢᠳᠠᠯ ᠳᠤ ᠬᠢᠨᠠᠯᠲᠠ | ᠪᠠᠶᠢᠴᠠᠭᠠᠯᠲᠠ ᠬᠢᠪᠡ᠃ ᠡᠯ᠎ᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠮ ᠤᠨ ᠵᠦᠢᠯ ᠢ ᠬᠤᠳᠠᠯᠳᠤᠨ | ᠠᠪᠬᠤ ᠳᠠᠭᠠᠨ ᠪᠠᠷᠠᠭ᠎ᠠ ᠬᠠᠩᠭᠠᠬᠤ ᠨᠢᠭᠡᠴᠡ ᠶᠢᠨ ᠬᠠᠤᠯᠢ ᠶᠣᠰᠣᠨ ᠤ ᠬᠢᠷᠢ ᠬᠡᠮ ᠢ ᠲᠣᠭᠲᠠᠭᠠᠭᠰᠠᠨ ᠡᠰᠡᠬᠦ ᠪᠠ | ᠡᠮ ᠤᠨ ᠵᠦᠢᠯ ᠤᠨ ᠬᠠᠤᠯᠢ ᠶᠣᠰᠣᠴᠢ ᠴᠢᠨᠠᠷ ᠢ ᠲᠣᠭᠲᠠᠭᠠᠭᠰᠠᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠬᠤ ᠶᠢᠨ | ᠬᠠᠮᠲᠤ᠂ ᠪᠣᠷᠣᠯᠠᠭᠤᠯᠤᠭᠴᠢ ᠶᠢᠨ ᠬᠢᠷᠢ ᠬᠡᠮ ᠤᠨ ᠭᠡᠷᠡᠴᠢ ᠪᠠᠶᠢᠬᠤ ᠡᠰᠡᠬᠦ᠂ ᠪᠠᠷᠠᠭ᠎ᠠ ᠲᠠᠢ ᠬᠠᠮᠲᠤ ᠶᠠᠪᠤᠬᠤ | ᠬᠠᠭᠤᠳᠠᠰᠤ ︵ᠫᠢᠶᠣᠣ︶᠂ ᠡᠮ ᠤᠨ ᠵᠦᠢᠯ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢᠨ ᠪᠢᠴᠢᠭ ᠪᠠ | ᠬᠤᠳᠠᠯᠳᠤᠨ ᠠᠪᠤᠭᠰᠠᠨ ᠲᠡᠮᠳᠡᠭᠯᠡᠯ ᠲᠠᠢ ᠬᠠᠷᠢᠴᠠᠭᠤᠯᠤᠨ ᠡᠮ ᠤᠨ ᠵᠦᠢᠯ ᠢ ᠪᠦᠯᠦᠭ ᠳᠠᠷᠠᠭᠠᠯᠠᠨ ᠬᠠᠷᠭᠤᠭᠤᠯᠵᠤ | ᠰᠢᠯᠭᠠᠨ ᠠᠪᠬᠤ ᠶᠢᠨ ᠬᠠᠮᠲᠤ᠂ ᠪᠢᠯᠧᠲ᠂ ᠲᠠᠩᠰᠠ᠂ ᠪᠠᠷᠠᠭ᠎ᠠ ᠶᠢ ᠬᠠᠷᠢᠯᠴᠠᠨ ᠨᠡᠶᠢᠴᠡᠭᠦᠯᠦᠭᠰᠡᠨ ᠡᠰᠡᠬᠦ ᠶᠢ ᠬᠢᠨᠠᠨ | ᠬᠠᠷᠭᠤᠭᠤᠯᠪᠠ᠃ ᠪᠣᠷᠤᠯᠠᠭᠤᠯᠭ᠎ᠠ ᠶᠢᠨ ᠲᠡᠮᠳᠡᠭᠯᠡᠯ ᠬᠢᠭᠰᠡᠨ ᠡᠰᠡᠬᠦ᠂ ᠢᠯᠠᠩᠭᠤᠶ᠎ᠠ ᠡᠮ ᠤᠨ ᠵᠦᠢᠯ ᠢ | ᠪᠣᠷᠣᠯᠠᠭᠤᠯᠬᠤ ᠳᠤ ᠪᠣᠷᠤᠯᠠᠭᠤᠯᠭ᠎ᠠ ᠶᠢᠨ ᠭᠡᠷᠡᠴᠢ ᠪᠠᠷᠢᠮᠲᠠ ᠪᠢᠴᠢᠵᠦ ᠥᠭᠭᠦᠭᠰᠡᠨ ᠡᠰᠡᠬᠦ ᠪᠠ ᠪᠣᠷᠤᠯᠠᠭᠤᠯᠭ᠎ᠠ ᠶᠢᠨ | ᠲᠡᠮᠳᠡᠭᠯᠡᠯ ᠢ ᠰᠠᠶᠢᠲᠤᠷ ᠬᠢᠵᠦ᠂ ᠣᠨᠴᠠᠭᠠᠶ ᠬᠠᠮᠢᠶᠠᠷᠤᠯᠲᠠ ᠲᠠᠢ ᠡᠮ ᠤᠨ ᠵᠦᠢᠯ ᠪᠠ ᠤᠯᠤᠰ ᠤᠨ ᠲᠤᠰᠬᠠᠢ | ᠬᠠᠮᠢᠶᠠᠷᠤᠯᠲᠠ ᠶᠢᠨ ᠱᠠᠭᠠᠷᠳᠠᠯᠭ᠎ᠠ ᠲᠠᠢ ᠡᠮ ᠤᠨ ᠵᠦᠢᠯ ᠢ ᠲᠣᠭᠲᠠᠭᠠᠯ ᠶᠣᠰᠣᠭᠠᠷ ᠪᠣᠷᠣᠯᠠᠭᠤᠯᠤᠭᠰᠠᠨ ᠡᠰᠡᠬᠦ᠂ ︽ | ᠳᠣᠯᠤᠭ᠎ᠠ ᠶᠢ ᠨᠢᠭᠡᠳᠦᠯᠲᠡᠢ ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠦᠭᠰᠡᠨ ᠡᠰᠡᠬᠦ᠂ ᠪᠠᠷᠠᠭ᠎ᠠ ᠬᠡᠯᠬᠢᠯᠳᠦᠭᠰᠡᠨ | ᠪᠤᠶᠤ ᠭᠠᠳᠠᠨ᠎ᠠ ᠠᠴᠠ ᠴᠤᠭᠯᠠᠭᠤᠯᠤᠭᠰᠠᠨ ᠠᠵᠢᠯᠯᠠᠭ᠎ᠠ ᠣᠷᠣᠰᠢᠵᠤ ᠪᠠᠶᠢᠬᠤ ᠡᠰᠡᠬᠦ᠂ ᠡᠯᠧᠺᠲᠷᠣᠨ ᠵᠣᠷ ᠤᠨ | ᠲᠠᠪᠴᠠᠩ ᠪᠠ ᠠᠯᠤᠰ ᠡᠵᠡᠮᠰᠢᠯᠲᠦ ᠡᠮ ᠨᠠᠶᠢᠷᠠᠭᠴᠢ ᠶᠢᠨ ᠵᠣᠷ ᠤᠨ ᠰᠢᠰᠲ᠋ᠧᠮ ᠢ ᠱᠠᠭᠠᠷᠳᠠᠯᠭ᠎ᠠ ᠶᠣᠰᠣᠭᠠᠷ ᠴᠢᠩᠭ᠎ᠠ | ᠬᠡᠷᠡᠭᠯᠡᠭᠰᠡᠨ ᠡᠰᠡᠬᠦ ᠵᠡᠷᠭᠡ ᠳᠤ ᠪᠠᠶᠢᠴᠠᠭᠠᠯᠲᠠ ᠬᠢᠵᠡᠢ᠃ | ᠭᠤᠷᠪᠠ ᠳᠤ᠂ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠬᠢᠨᠠᠨ ᠡᠵᠡᠮᠳᠡᠬᠦ ᠶᠢ ᠴᠢᠩᠭᠠᠳᠬᠠᠵᠤ᠂ ᠬᠤᠳᠠᠯ | ᠬᠠᠭᠤᠷᠮᠠᠭ ᠲᠣᠭᠲᠠᠭᠠᠯ ᠠᠴᠠ ᠵᠥᠷᠢᠴᠡᠭᠰᠡᠨ ᠤᠬᠠᠭᠤᠯᠭ᠎ᠠ ᠳᠤ ᠴᠣᠬᠢᠯᠲᠠ ᠥᠭᠪᠡ᠃ ᠪᠠᠶᠢᠴᠠᠭᠠᠬᠤ ᠶᠠᠪᠤᠴᠠ ᠳᠤ | ᠡᠵᠡᠩᠨᠡᠭᠴᠢᠳ ᠲᠤ᠂ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠳᠡᠭᠡᠨ ᠠᠵᠢᠯᠯᠠᠭ᠎ᠠ ᠶᠢᠨ ᠮᠡᠳᠡᠭᠡ | ᠵᠠᠩᠭᠢ ᠶᠢ ᠪᠦᠬᠦ ᠲᠠᠯ᠎ᠠ ᠪᠠᠷ ᠦᠨᠡᠨ ᠪᠣᠳᠠᠲᠠᠢ ᠣᠨᠣᠪᠴᠢᠲᠠᠶ᠂ ᠢᠯᠡ ᠲᠣᠳᠣᠷᠬᠠᠢ ᠢᠯᠡᠳᠬᠡᠬᠦ᠂ ᠬᠤᠳᠠᠯ ᠬᠠᠭᠤᠷᠮᠠᠭ | ᠬᠤᠳᠠᠯᠳᠤᠭᠠᠨ ᠤ ᠮᠡᠳᠡᠭᠡ ᠵᠠᠩᠭᠢ᠂ ᠬᠤᠳᠠᠯ ᠬᠠᠭᠤᠷᠮᠠᠭ ᠠᠷᠠᠯᠵᠢᠶ᠎ᠠ ᠪᠤᠶᠤ ᠦᠨᠡᠯᠡᠯᠲᠡ ᠬᠢᠬᠦ ᠵᠡᠷᠭᠡ ᠠᠷᠭ᠎ᠠ ᠮᠠᠶ᠋ᠢᠭ | ᠢ ᠠᠰᠢᠭᠯᠠᠨ ᠬᠤᠳᠠᠯ ᠬᠠᠭᠤᠷᠮᠠᠭ ᠪᠤᠶᠤ ᠬᠥᠮᠥᠨ ᠢ ᠠᠳᠡᠭᠦᠷᠡᠭᠦᠯᠬᠦ ᠬᠤᠳᠠᠯᠳᠤᠭᠠᠨ ᠤ ᠤᠬᠠᠭᠤᠯᠭ᠎ᠠ ᠬᠢᠵᠦ ᠪᠣᠯᠬᠤ | ᠦᠭᠡᠢ᠂ ᠤᠤᠯ ᠦᠨ᠎ᠡ᠂ ᠬᠤᠳᠠᠯ ᠬᠠᠭᠤᠷᠮᠠᠭ ᠬᠠᠷᠠᠭᠠᠯᠵᠠᠯ ᠤᠨ ᠨᠤᠭᠤᠯᠤᠨ ᠪᠣᠳᠣᠯᠲᠠ ᠬᠢᠵᠦ ᠬᠡᠷᠡᠭᠯᠡᠭᠴᠢᠳ ᠪᠤᠶᠤ | ᠬᠤᠯᠪᠣᠭᠳᠠᠯ ᠪᠦᠬᠦᠢ ᠣᠯᠠᠨ ᠨᠡᠶᠢᠲᠡ ᠶᠢ ᠬᠠᠭᠤᠷᠤᠨ ᠮᠡᠬᠡᠯᠡᠵᠦ ᠪᠤᠷᠤᠭᠤ ᠵᠦᠭ ᠬᠥᠲᠥᠯᠵᠦ ᠪᠣᠯᠬᠤ ᠦᠭᠡᠢ ᠭᠡᠵᠦ | ᠰᠠᠨᠠᠭᠤᠯᠪᠠ᠃ | ᠣᠲᠣ ᠪᠣᠯᠲᠠᠯ᠎ᠠ᠂ ᠢᠳᠡᠭᠡᠨ ᠤ ᠵᠦᠢᠯ ᠤᠨ ᠡᠵᠡᠩᠨᠡᠯᠲᠡ ᠶᠢᠨ 915 ᠡᠷᠦᠬᠡ᠂ ᠡᠮ ᠤᠨ ᠳᠡᠯᠭᠡᠭᠦᠷ 138 | ᠡᠷᠦᠬᠡ᠂ ᠲᠣᠮᠣ ᠳᠤᠮᠳᠠ ᠬᠡᠯᠪᠡᠷᠢ ᠶᠢᠨ ᠬᠡᠲᠦ ᠳᠡᠯᠭᠡᠭᠦᠷ 57 ᠡᠷᠦᠬᠡ᠂ ᠬᠥᠳᠡᠭᠡ ᠲᠣᠰᠬᠤᠨ ᠤ ᠴᠤᠭᠯᠠᠭ᠎ᠠ | ᠮᠠᠶᠢᠮᠠᠢ ᠶᠢᠨ ᠵᠠᠬ᠎ᠠ ᠳᠡᠯᠭᠡᠭᠦᠷ 20 ᠡᠷᠦᠬᠡ ᠶᠢ ᠪᠠᠶᠢᠴᠠᠭᠠᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ | ᠠᠰᠠᠭᠤᠳᠠᠯ ᠢ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠬᠤᠯᠪᠣᠭᠳᠠᠯ ᠪᠦᠬᠦᠢ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢ ᠳᠠᠷᠤᠶᠢᠬᠠᠨ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠪᠠᠶᠢᠴᠠᠭᠠᠯᠲᠠ ᠶᠢᠨ | ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠡᠯ᠎ᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢᠲᠡᠢ ᠪᠠᠷ | ᠬᠠᠤᠯᠢ ᠶᠢ ᠰᠠᠬᠢᠵᠤ᠂ ᠲᠣᠭᠲᠠᠭᠠᠯ ᠳᠤ ᠨᠡᠶᠢᠴᠡᠭᠦᠯᠦᠨ ᠡᠵᠡᠩᠨᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ | ᠠᠰᠢᠭ ᠢ ᠦᠨᠡᠨᠬᠦ ᠬᠠᠮᠠᠭᠠᠯᠠᠨ᠎ᠠ᠃ | |