| ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠭᠤᠭᠴᠤᠭ᠎ᠠ ᠳᠠᠬᠢ ᠮᠢᠬ᠎ᠠ ᠵᠢᠴᠢ ᠮᠢᠬᠠᠨ ᠪᠦᠲᠦᠭᠡᠭᠳᠡᠬᠦᠨ ᠤ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤ | ᠦᠢᠯᠡᠳᠪᠦᠷᠢᠯᠡᠯ ᠡᠵᠡᠩᠨᠡᠯᠲᠡ ᠶᠢᠨ ᠭᠤᠭᠴᠤᠭ᠎ᠠ ᠳᠠᠬᠢ ᠮᠢᠬ᠎ᠠ ᠵᠢᠴᠢ ᠮᠢᠬᠠᠨ ᠪᠦᠲᠦᠭᠡᠭᠳᠡᠬᠦᠨ ᠤ ᠬᠠᠤᠯᠢ ᠲᠣᠭᠲᠠᠭᠠᠯ | ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠢᠬ᠎ᠠ ᠵᠢᠴᠢ ᠮᠢᠬᠠᠨ ᠪᠦᠲᠦᠭᠡᠭᠳᠡᠬᠦᠨ ᠤ | ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠣᠯᠠᠨ ᠲᠦᠮᠡᠨ ᠤ ᠴᠠᠭᠠᠨ ᠰᠠᠷ᠎ᠠ ᠳᠤ ︽ ᠰᠢᠨ᠎ᠡ ᠰᠤᠷᠭᠤᠭ | ᠮᠢᠬ᠎ᠠ︾ ᠢᠳᠡᠬᠦ ᠶᠢ ᠦᠨᠡᠨᠬᠦ ᠪᠠᠲᠤᠯᠠᠬᠤ ᠶᠢᠨ ᠲᠥᠯᠥᠬᠡ᠂ ᠤᠶᠢᠷ᠎ᠠ ᠶᠢᠨ ᠡᠳᠦᠷ᠂ ᠨᠢᠩᠴᠧᠩ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠭᠠᠨ ᠰᠠᠷ᠎ᠠ ᠠᠴᠠ ᠡᠮᠦᠨᠡᠬᠢ ᠮᠢᠬ᠎ᠠ ᠵᠢᠴᠢ ᠮᠢᠬᠠᠨ | ᠪᠦᠲᠦᠭᠡᠭᠳᠡᠬᠦᠨ ᠳᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠳᠤ ᠲᠣᠮᠣ ᠬᠡᠯᠪᠡᠷᠢ ᠶᠢᠨ ᠬᠡᠲᠦ ᠳᠡᠯᠭᠡᠭᠦᠷ᠂ ᠮᠢᠬᠠᠨ ᠤ ᠳᠡᠯᠭᠡᠭᠦᠷ᠂ ᠵᠢᠵᠢᠭ | ᠦᠢᠯᠡᠳᠬᠡᠯ ᠤᠨ ᠭᠠᠵᠠᠷ᠂ ᠪᠤᠯᠭᠤᠭᠰᠠᠨ ᠢᠳᠡᠭᠡᠨ ᠤ ᠳᠡᠯᠭᠡᠭᠦᠷ ᠢᠶᠠᠷ ᠭᠤᠣᠯᠳᠠᠯᠭ᠎ᠠ ᠲᠠᠢ ᠲᠠᠯᠠᠪᠤᠷ ᠪᠣᠯᠭᠠᠵᠤ᠂ | ᠬᠠᠷᠢᠶᠠᠲᠤ ᠣᠷᠣᠨ ᠤ ᠮᠢᠬᠠᠨ ᠤ ᠵᠦᠢᠯ ᠵᠢᠴᠢ ᠮᠢᠬᠠᠨ ᠤ ᠵᠦᠢᠯ ᠤᠨ ᠡᠵᠡᠩᠨᠡᠯᠲᠡ ᠶᠢᠨ ᠡᠷᠦᠬᠡ ᠳᠤ ᠪᠠᠶᠢᠳᠠᠯ ᠢ | ᠣᠶᠢᠯᠠᠭᠠᠨ ᠵᠢᠭᠰᠠᠭᠠᠨ ᠪᠠᠶᠢᠴᠠᠭᠠᠯᠲᠠ ᠬᠢᠪᠡ᠃ ᠢᠯᠵᠠᠷᠠᠵᠤ ᠴᠢᠨᠠᠷ ᠬᠤᠪᠢᠷᠠᠭᠰᠠᠨ ᠪᠤᠶᠤ ᠢᠷᠡᠯᠲᠡ ᠨᠢ ᠲᠣᠳᠣᠷᠬᠠᠢ | ᠦᠭᠡᠢ ᠮᠢᠬᠠᠨ ᠤ ᠵᠦᠢᠯ ᠪᠠᠶᠢᠬᠤ ᠡᠰᠡᠬᠦ᠂ ︽ᠬᠤᠶᠠᠷ ᠭᠡᠷᠡᠴᠢ ᠨᠢᠭᠡ ᠮᠡᠳᠡᠭᠦᠯᠦᠯᠲᠡ︾ ᠦᠭᠡᠢ ᠮᠢᠬᠠᠨ ᠤ ᠵᠦᠢᠯ ᠢ | ᠡᠵᠡᠩᠨᠡᠵᠦ ᠪᠠᠶᠢᠬᠤ ᠡᠰᠡᠬᠦ᠂ ᠬᠢᠷᠢ ᠲᠡᠩᠴᠡᠭᠰᠡᠨ ᠭᠡᠷᠡᠴᠢ ᠪᠣᠯᠣᠨ ᠮᠢᠬᠠᠨ ᠤ ᠵᠦᠢᠯ ᠨᠢ ᠬᠠᠷᠢᠯᠴᠠᠨ ᠨᠡᠶᠢᠴᠡᠬᠦ ᠡᠰᠡᠬᠦ | ᠵᠡᠷᠭᠡ ᠳᠤ ᠭᠤᠣᠯᠳᠠᠯᠭ᠎ᠠ ᠲᠠᠢ ᠪᠠᠷ ᠬᠢᠨᠠᠨ ᠬᠠᠷᠭᠤᠭᠤᠯᠤᠯᠲᠠ ᠪᠠ ᠪᠠᠶᠢᠴᠠᠭᠠᠯᠲᠠ ᠬᠢᠪᠡ᠃ ᠡᠭᠦᠨ ᠤ ᠬᠠᠮᠲᠤ᠂ | ᠡᠵᠡᠩᠨᠡᠭᠴᠢᠳ ᠢ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠤᠯᠤᠰ ᠤᠨ ᠪᠠᠷᠢᠮᠵᠢᠶ᠎ᠠ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠳᠤ ᠦᠢᠯᠡᠳᠪᠦᠷᠢᠯᠡᠵᠦ | ᠡᠵᠡᠩᠨᠡᠨ᠂ ᠴᠠᠭᠠᠵᠠᠯᠠᠭᠰᠠᠨ ᠢᠳᠡᠭᠡᠨ ᠢ ᠬᠤᠳᠠᠯᠳᠤᠨ ᠠᠪᠴᠤ᠂ ᠪᠣᠯᠪᠠᠰᠤᠷᠠᠭᠤᠯᠵᠤ᠂ ᠡᠵᠡᠩᠨᠡᠵᠦ ᠪᠣᠯᠬᠤ ᠦᠭᠡᠢ | ᠭᠡᠵᠦ ᠱᠠᠭᠠᠷᠳᠠᠪᠠ᠃ | ᠣᠲᠣ ᠪᠣᠯᠲᠠᠯ᠎ᠠ᠂ ᠮᠢᠬᠠᠨ ᠤ ᠵᠦᠢᠯ ᠤᠨ ᠡᠵᠡᠩᠨᠡᠯᠲᠡ ᠶᠢᠨ 67 ᠨᠢᠭᠡᠴᠡ ᠶᠢ ᠪᠠᠶᠢᠴᠠᠭᠠᠵᠤ᠂ ᠪᠠᠶᠢᠴᠠᠭᠠᠯᠲᠠ ᠶᠢᠨ | ᠳᠤᠮᠳᠠ ᠭᠡᠷᠡᠴᠢ ᠪᠠᠷᠢᠮᠲᠠ ᠠᠪᠤᠭᠰᠠᠨ ᠨᠢ ᠪᠦᠷᠢᠨ ᠪᠤᠰᠤ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ | ᠡᠵᠡᠩᠨᠡᠯᠲᠡ ᠶᠢᠨ ᠡᠷᠦᠬᠡ ᠳᠤ ︽ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ︾ 2 ᠬᠤᠪᠢ ᠪᠠᠭᠤᠯᠭᠠᠪᠠ᠃ | ᠲᠠᠷᠠᠭᠠᠴᠢ ᠶᠢᠨ ᠠᠯᠬᠤᠮ ᠳᠤ᠂ ᠮᠢᠬ᠎ᠠ ᠵᠢᠴᠢ ᠮᠢᠬᠠᠨ ᠪᠦᠲᠦᠭᠡᠭᠳᠡᠬᠦᠨ ᠤ ᠬᠢᠨᠠᠯᠲᠠ ᠪᠠᠶᠢᠴᠠᠭᠠᠯᠲᠠ ᠶᠢᠨ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠮᠢᠬᠠᠨ ᠤ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠥᠬᠦ | ᠬᠦᠴᠦᠨ ᠢᠶᠠᠷ ᠢᠶᠠᠨ ᠵᠢᠷᠤᠮᠵᠢᠭᠤᠯᠵᠤ᠂ ᠥᠷᠭᠡᠨ ᠣᠯᠠᠨ ᠲᠦᠮᠡᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ | ᠮᠢᠬᠠᠨ ᠤ ᠪᠦᠲᠦᠭᠡᠭᠳᠡᠬᠦᠨ ᠤ ᠠᠮᠤᠷ ᠲᠦᠪᠰᠢᠨ ᠳᠤ ᠪᠠᠲᠤᠯᠠᠭ᠎ᠠ ᠬᠠᠩᠭᠠᠨ᠎ᠠ᠃ |