| ᠨᠢᠭᠡ ᠳᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠴᠠᠯᠢᠩ ᠥᠷᠢᠲᠦᠵᠦ ᠪᠠᠶᠢᠭ᠎ᠠ ᠠᠵᠤ | ᠠᠬᠤᠶᠢᠯᠠᠯ︾ ᠢ ᠴᠡᠭᠴᠡᠯᠡᠨ ᠵᠠᠰᠠᠨ᠎ᠠ᠃ ︽ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠪᠦᠯ ᠤᠨ | ᠤᠯᠠᠷᠢᠯ ᠤᠨ ᠲᠤᠰᠬᠠᠢ ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ ᠬᠥᠯᠥᠰᠦᠨ ᠠᠵᠢᠯᠴᠢᠨ ᠤ ᠴᠠᠯᠢᠩ ᠢ | ᠥᠷᠢᠲᠦᠵᠦ ᠪᠠᠶᠢᠭ᠎ᠠ ᠠᠵᠤ ᠠᠬᠤᠶᠢᠯᠠᠯ ᠳᠤ ᠴᠢᠩᠭ᠎ᠠ ᠴᠣᠬᠢᠯᠲᠠ ᠥᠭᠴᠦ᠂ ᠢᠯᠡᠴᠢᠯᠡᠨ ᠵᠠᠭᠠᠯᠳᠤᠬᠤ ᠠᠷᠭ᠎ᠠ ᠵᠠᠮ ᠢ | ᠨᠡᠶᠢᠭᠡᠮ ᠨᠡᠶᠢᠲᠡ ᠳᠤ ᠢᠯᠡ ᠪᠣᠯᠭᠠᠵᠤ᠂ ᠵᠠᠭᠠᠯᠳᠤᠪᠠᠯ ᠵᠠᠪᠠᠯ ᠬᠦᠯᠢᠶᠡᠨ ᠠᠪᠴᠤ᠂ ᠬᠡᠷᠡᠭ ᠪᠠᠶᠢᠪᠠᠯ ᠵᠠᠪᠠᠯ | ᠪᠠᠶᠢᠴᠠᠭᠠᠨ᠎ᠠ᠃ ᠠᠵᠢᠯᠴᠢᠨ ᠬᠡᠷᠡᠭᠯᠡᠬᠦ ᠠᠵᠤ ᠠᠬᠤᠶᠢᠯᠠᠯ ᠤᠨ ᠴᠠᠯᠢᠩ ᠥᠭᠬᠦ ᠪᠠᠲᠤᠯᠠᠭ᠎ᠠ ᠶᠢᠨ ᠳᠦᠷᠢᠮ ᠢ | ᠪᠠᠶᠢᠭᠤᠯᠤᠨ ᠪᠦᠷᠢᠨᠰᠢᠭᠦᠯᠵᠦ᠂ 16 ᠪᠠᠷᠢᠯᠭ᠎ᠠ ᠶᠢᠨ ᠪᠠᠶᠢᠭᠤᠯᠤᠯᠲᠠ ᠶᠢᠨ ᠬᠦᠷᠢᠶᠡᠨ ᠳᠠᠬᠢ ᠪᠠᠶᠢᠭᠤᠯᠵᠤ ᠪᠠᠶᠢᠭ᠎ᠠ | ᠲᠥᠷᠥᠯ ᠵᠦᠢᠯ ᠳᠤ ︽ᠬᠤᠶᠠᠷ ᠢ ᠰᠠᠭᠤᠯᠭᠠᠵᠤ ᠬᠤᠶᠠᠷ ᠢ ᠪᠠᠶᠢᠴᠠᠭᠠᠬᠤ︾ ᠪᠠᠶᠢᠴᠠᠭᠠᠯᠲᠠ ᠬᠢᠪᠡ᠃ ᠲᠤᠰᠬᠠᠢ | ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠲᠤᠬᠠᠢ ᠶᠢᠨ ᠲᠠᠯᠠᠪᠠᠶ ᠵᠢᠴᠢ ᠡᠯ᠎ᠡ ᠲᠥᠷᠥᠯ ᠤᠨ ᠲᠠᠪᠴᠠᠩ ᠤᠨ | ᠴᠠᠯᠢᠩ ᠥᠷᠢᠲᠦᠭᠰᠡᠨ ᠰᠦᠪᠡᠭᠴᠢ ᠶᠢ ᠨᠡᠶᠢᠲᠡ 100 ᠭᠠᠷᠤᠢ ᠭᠥᠯᠢᠶᠡᠨ ᠠᠪᠴᠤ᠂ ᠬᠦᠴᠦᠨ ᠪᠦᠬᠦᠢ | ᠰᠦᠪᠡᠭᠴᠢ ᠶᠢ ᠬᠢᠨᠠᠨ ᠬᠠᠷᠭᠤᠭᠤᠯᠬᠤ ᠪᠠᠷ ᠳᠡᠮᠵᠢᠨ᠂ ᠨᠡᠶᠢᠲᠡ 400 ᠭᠠᠷᠤᠢ ᠬᠥᠯᠥᠰᠦᠨ ᠠᠵᠢᠯᠴᠢᠨ ᠳᠤ 900 | ᠭᠠᠷᠤᠢ ᠲᠦᠮᠡᠨ ᠲᠥᠭᠦᠷᠢᠭ ᠤᠨ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠥᠭᠪᠡ᠃ | ᠬᠤᠶᠠᠷ ᠲᠤ ᠤᠬᠠᠭᠤᠯᠤᠨ ᠲᠠᠶᠢᠴᠢᠯᠠᠵᠦ᠂ ︽ᠪᠦᠰᠡᠯᠡᠯᠲᠡ ᠶᠢᠨ ᠪᠠᠶᠢᠳᠠᠯ︾ ᠢ ᠪᠤᠢ ᠪᠣᠯᠭᠠᠪᠠ᠃ ᠬᠠᠤᠯᠢ ᠴᠠᠭᠠᠵᠠ ᠶᠢᠨ | ᠤᠬᠠᠭᠤᠯᠭ᠎ᠠ ᠶᠢ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ | ᠦᠢᠯᠡᠳᠪᠦᠷᠢ ᠶᠢᠨ ᠲᠠᠰᠤᠭ ᠲᠤ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠴᠢᠨ ᠬᠡᠷᠡᠭᠯᠡᠬᠦ | ᠠᠵᠤ ᠠᠬᠤᠶᠢᠯᠠᠯ ᠪᠠ ᠬᠥᠯᠥᠰᠦᠨ ᠠᠵᠢᠯᠴᠢᠨ ᠳᠤ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ | ᠰᠠᠨᠠᠭᠠᠴᠢᠯᠠᠭ᠎ᠠ ᠠᠴᠠ ᠪᠠᠨ ᠤᠬᠠᠭᠤᠯᠤᠨ ᠲᠠᠶᠢᠯᠪᠤᠷᠢᠯᠠᠵᠤ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠠ ᠬᠥᠯᠥᠰᠦᠨ | ᠠᠵᠢᠯᠴᠢᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠥᠪᠡᠷ ᠤᠨ ᠡᠷᠬᠡ ᠪᠠ ᠡᠭᠦᠷᠭᠡ ᠪᠠᠨ | ᠤᠶᠢᠯᠠᠭᠠᠭᠤᠯᠤᠨ᠎ᠠ᠃ 2023 ᠣᠨ ᠤ 11 ᠰᠠᠷ᠎ᠠ ᠠᠴᠠ ᠨᠠᠰᠢ᠂ 200 ᠰᠢᠬᠠᠮ ᠬᠥᠯᠥᠰᠦᠨ ᠠᠵᠢᠯᠴᠢᠨ ᠳᠤ | ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠬᠤᠯᠪᠣᠭᠳᠠᠯ ᠪᠦᠬᠦᠢ | ᠤᠬᠠᠭᠤᠯᠭ᠎ᠠ ᠶᠢᠨ ᠮᠠᠲ᠋ᠧᠷᠢᠶᠠᠯ᠂ ᠭᠠᠷ ᠳᠡᠪᠲᠡᠷ ᠢ 3500 ᠬᠤᠪᠢ ᠲᠡᠷᠬᠠᠭᠠᠪᠠ᠃ | ᠭᠤᠷᠪᠠ ᠳᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ︽ᠴᠠᠯᠢᠩ ᠥᠷᠢᠲᠦᠬᠦ ᠦᠭᠡᠢ︾ᠪᠠᠶᠢᠬᠤ ᠶᠢ ᠪᠠᠲᠤᠯᠠᠨ᠎ᠠ᠃ | ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ | ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠠᠵᠢᠯᠴᠢᠨ ᠤ ᠡᠪᠯᠡᠯ ᠵᠡᠷᠭᠡ ᠰᠠᠯᠠᠭ᠎ᠠ ᠮᠥᠴᠢᠷ | ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ | ᠵᠠᠰᠠᠬᠤ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠬᠥᠯᠥᠰᠦᠨ ᠠᠵᠢᠯᠴᠢᠨ ᠤ ᠴᠠᠯᠢᠩ ᠢ ᠮᠠᠭᠤ | ᠰᠠᠨᠠᠭ᠎ᠠ ᠲᠠᠢ ᠪᠠᠷ ᠥᠷᠢᠲᠦᠬᠦ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠣᠬᠢᠯᠲᠠ ᠥᠭᠪᠡ᠃ ᠣᠲᠣ ᠪᠣᠯᠲᠠᠯ᠎ᠠ᠂ | ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢᠭᠡᠨᠲᠡ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤ ᠪᠠᠷ 3 ᠤᠳᠠᠭᠠᠨ ᠤ ᠴᠠᠯᠢᠩ ᠥᠷᠢᠲᠦᠭᠰᠡᠨ ᠬᠡᠷᠡᠭ ᠢ | ᠰᠢᠢᠳᠪᠦᠷᠢᠯᠡᠨ᠂ 300 ᠭᠠᠷᠤᠢ ᠬᠥᠯᠥᠰᠦᠨ ᠠᠵᠢᠯᠴᠢᠨ ᠳᠤ 700 ᠭᠠᠷᠤᠢ ᠲᠦᠮᠡᠨ ᠲᠥᠭᠦᠷᠢᠭ ᠤᠨ ᠴᠠᠯᠢᠩ | ᠥᠷᠢᠲᠦᠵᠦ ᠪᠠᠶᠢᠭ᠎ᠠ ᠪᠠᠶᠢᠳᠠᠯ ᠢ ᠨᠡᠬᠡᠮᠵᠢᠯᠡᠨ ᠠᠪᠴᠢᠷᠠᠵᠤ ᠥᠭᠴᠡᠢ᠃ | |