| ᠴᠠᠭᠠᠨ ᠰᠠᠷ᠎ᠠ ᠣᠶᠢᠷᠠᠳᠴᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠬᠥᠮᠦᠵᠢᠯ ᠢ ᠪᠣᠳᠠᠲᠠᠢ ᠪᠦᠲᠦᠮᠵᠢᠲᠡᠶ ᠪᠥᠭᠡᠳ ᠰᠡᠳᠬᠢᠭᠳᠡᠯ ᠲᠠᠢ ᠪᠠᠷ ᠥᠷᠨᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠠᠲᠤᠳᠬᠠᠵᠤ᠂ ︽ᠪᠢ ᠤᠯᠠᠨ ᠲᠦᠮᠡᠨ ᠳᠤ | ᠪᠣᠳᠠᠲᠠᠢ ᠶᠠᠪᠤᠳᠠᠯ ᠬᠢᠵᠦ ᠥᠭᠬᠦ︾ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠶᠢᠷ᠎ᠠ ᠶᠢᠨ ᠡᠳᠤᠷ᠂ ᠨᠢᠩᠴᠧᠩ | ᠰᠢᠶᠠᠨ ᠤ ᠲᠣᠣᠷ᠎ᠠ ᠬᠤᠷᠤᠭ᠎ᠠ ᠪᠠᠯᠭᠠᠰᠤ ︽ᠴᠠᠭᠠᠨ ᠰᠠᠷ᠎ᠠ ᠶᠢᠨ ᠬᠤᠣᠰ ᠤᠶᠠᠩᠭ᠎ᠠ ᠬᠦᠷᠭᠡᠵᠦ ᠴᠠᠭᠠᠨ ᠰᠠᠷ᠎ᠠ ᠶᠢ | ᠤᠭᠲᠤᠬᠤ︾ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶ᠎ᠠ ᠣᠷᠣᠨ ᠤ ᠤᠯᠠᠨ ᠲᠦᠮᠡᠨ ᠳᠤ ᠴᠠᠭᠠᠨ | ᠰᠠᠷ᠎ᠠ ᠶᠢᠨ ᠬᠤᠣᠰ ᠤᠶᠠᠩᠭ᠎ᠠ ᠬᠦᠷᠭᠡᠵᠦ᠂ ᠲᠡᠳᠡᠨ ᠳᠤ ᠰᠢᠨ᠎ᠡ ᠵᠢᠯ ᠤᠨ ᠦᠨᠦᠷ ᠠᠮᠲᠠ ᠶᠢ ᠤᠷᠢᠳᠴᠢᠯᠠᠨ | ᠮᠡᠳᠡᠷᠡᠭᠦᠯᠪᠡ᠃ | | ᠠᠵᠢᠯᠯᠠᠭ᠎ᠠ ᠨᠢ︽ᠴᠠᠭᠠᠨ ᠰᠠᠷ᠎ᠠ ᠶᠢᠨ ᠬᠤᠣᠰ ᠤᠶᠠᠩᠭ᠎ᠠ ᠬᠦᠷᠭᠡᠵᠦ ᠴᠠᠭᠠᠨ ᠰᠠᠷ᠎ᠠ ᠶᠢ ᠤᠭᠲᠤᠬᠤ︾ ᠪᠠᠷ ᠭᠤᠣᠯ | ᠰᠡᠳᠦᠪ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠴᠠᠭᠠᠨ ᠰᠠᠷ᠎ᠠ ᠶᠢᠨ ᠬᠤᠣᠰ ᠤᠶᠠᠩᠭ᠎ᠠ ᠪᠣᠯᠣᠨ | ᠴᠣᠩᠬᠤᠨ ᠬᠤᠸᠠᠷ ᠬᠦᠷᠭᠡᠵᠡᠢ᠃ ᠠᠵᠢᠯᠯᠠᠭ᠎ᠠ ᠶᠢ ᠥᠷᠨᠢᠭᠦᠯᠦᠭᠰᠡᠨ ᠨᠢ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠤᠨ ᠠᠮᠢᠳᠤᠯᠢᠭ ᠢᠯᠡᠷᠡᠯ ᠮᠥᠨ᠂ ᠠᠨᠠᠷ ᠤᠨ ᠬᠡᠯᠪᠡᠷᠢᠲᠦ ᠴᠣᠩᠬᠤᠨ ᠬᠤᠸᠠᠷ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠢᠭᠲᠠᠷᠠᠨ ᠪᠦᠯᠬᠦᠮᠳᠡᠭᠰᠡᠨ ᠵᠢᠷᠤᠭ ᠳᠦᠷᠰᠦ ᠨᠢ ᠥᠷᠭᠡᠨ ᠣᠯᠠᠨ | ᠲᠦᠮᠡᠨ ᠳᠤ ᠪᠠᠶᠠᠷ ᠤᠨ ᠡᠳᠦᠷ ᠤᠨ ᠢᠷᠦᠭᠡᠯ ᠳᠡᠪᠰᠢᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠪᠦᠯᠬᠦᠮᠳᠡᠯ ᠢ | ᠥᠷᠭᠡᠨ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠤᠭᠰᠠᠨ ᠪᠠᠶᠢᠨ᠎ᠠ᠃ | | ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 130 ᠭᠠᠷᠤᠢ ᠬᠤᠣᠰ ᠤᠶᠠᠩᠭ᠎ᠠ᠂ 560 ᠭᠠᠷᠤᠢ ᠴᠣᠩᠬᠤᠨ | ᠬᠤᠸᠠᠷ ᠬᠦᠷᠭᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ | ᠠᠯᠬᠤᠮ ᠪᠠᠶᠠᠯᠢᠭᠵᠢᠭᠤᠯᠤᠨ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠠᠳᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠳᠤᠮᠳᠠᠳᠤ | ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠶ ᠪᠣᠯᠭᠠᠪᠠ᠃ | ᠳᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠤ ᠲᠣᠣᠷ᠎ᠠ ᠬᠤᠷᠤᠭ᠎ᠠ ᠪᠠᠯᠭᠠᠰᠤ ᠤᠯᠠᠨ ᠵᠦᠢᠯ ᠤᠨ | ᠬᠡᠯᠪᠡᠷᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠬᠥᠮᠦᠵᠢᠯ ᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ | ᠬᠥᠮᠥᠵᠢᠭᠦᠯᠦᠨ ᠬᠥᠲᠥᠯᠥᠨ ᠳᠠᠭᠠᠭᠤᠯᠵᠤ ᠪᠠᠶᠢᠭᠠᠳ ︽ᠳᠥᠷᠪᠡ ᠶᠢ ᠬᠠᠮᠲᠤᠳᠬᠠᠬᠤ︾ᠬᠠᠮᠲᠤ ᠶᠢᠨ ᠴᠣᠭᠴᠠ ᠶᠢᠨ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾ ᠶᠢ ᠲᠠᠰᠤᠷᠠᠯᠳᠠ ᠦᠭᠡᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠲᠣᠣᠷ᠎ᠠ ᠬᠤᠷᠤᠭ᠎ᠠ ᠪᠠᠯᠭᠠᠰᠤ ᠶᠢᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠴᠢᠳᠠᠯ ᠢ ᠨᠢᠭᠲᠠᠷᠠᠭᠤᠯᠤᠨ᠎ᠠ᠃ |