ᠨᠢᠩᠴᠧᠩ ᠤᠨ ᠲᠠᠷᠢᠶᠠᠯᠠᠩ ᠬᠤᠳᠠᠯᠳᠤᠭᠠᠨ ᠤ ᠪᠠᠩᠬᠢ ᠭᠤᠷᠪᠠᠨ ᠠᠷᠭ᠎ᠠ ᠬᠡᠮᠵᠢᠶ᠎ᠡ ᠠᠪᠴᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/1/25
ᠨᠢᠭᠡ ᠳᠤ᠂ ᠵᠠᠰᠠᠭ ᠤᠨ ᠣᠷᠳᠣᠨ ᠪᠠᠩᠬᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠷᠠᠳ ᠤᠨ ᠬᠦᠷᠲᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠡᠳ᠋ ᠤᠨ ᠵᠠᠰᠠᠭ ᠤᠨ ᠳᠠᠮ ᠬᠦᠦ ᠲᠠᠢ ᠵᠢᠭᠡᠯᠡᠯᠭᠡ ᠶᠢᠨ ︽ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ︾ ᠶᠢ ᠨᠡᠶᠢᠲᠡᠯᠡᠵᠦ᠂ ᠠᠰ ᠲᠤᠨᠢ ᠢᠲᠡᠭᠡᠮᠵᠢᠲᠦ ᠵᠢᠭᠡᠯᠡᠯᠭᠡ ᠶᠢᠨ ᠲᠥᠯᠥᠪᠯᠡᠭᠡ ᠭᠠᠷᠭᠠᠵᠤ᠂ ᠲᠤᠰᠬᠠᠢ ᠵᠦᠢᠯ ᠤᠨ ᠰᠢᠯᠭᠠᠨ ᠦᠨᠡᠯᠡᠬᠦ ᠤᠷᠮᠠᠰᠢᠭᠤᠯᠬᠤ ᠲᠣᠭᠲᠠᠴᠠ ᠶᠢ ᠲᠣᠭᠲᠠᠭᠠᠵᠤ᠂ ᠠᠷᠠᠳ ᠤᠨ ᠬᠠᠮᠲᠤᠯᠢᠭ ᠤᠨ ᠠᠳᠠᠯ ᠦᠢᠯᠡᠰ ᠴᠣᠭᠴᠠᠯᠠᠬᠤ ᠡᠬᠢᠨ ᠤ ᠬᠤᠭᠤᠴᠠᠭᠠᠨ ᠤ ᠪᠡᠯᠡ ᠲᠣᠬᠢᠷᠠᠭᠤᠯᠬᠤ ᠳᠤ ᠬᠦᠴᠢᠷᠲᠡᠢ᠂ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ ᠣᠲᠣ ᠪᠣᠯᠲᠠᠯ᠎ᠠ᠂ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ 113 ᠪᠠᠶᠢᠵᠤ᠂ 2549 ᠲᠦᠮᠡᠨ ᠲᠥᠭᠦᠷᠢᠭ ᠲᠤ ᠬᠦᠷᠴᠡᠢ᠃  ᠬᠤᠶᠠᠷ ᠲᠤ ᠨᠡᠶᠢᠳᠡᠮ ᠬᠠᠷᠠᠭᠠᠯᠵᠠᠯ ᠦᠵᠡᠭᠦᠯᠬᠦ ᠰᠣᠷᠪᠤᠯᠵᠢᠯᠠᠭ᠎ᠠ ᠶᠢ ᠴᠢᠩᠭᠠᠳᠬᠠᠵᠤ᠂ ᠠᠷᠠᠳ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠶᠡᠭᠡ ᠰᠣᠷᠪᠤᠯᠵᠢᠯᠠᠭ᠎ᠠ ᠪᠠ ︽ᠲᠣᠥᠷᠵᠢᠭᠤᠯᠤᠭᠰᠠᠨ ᠡᠵᠡᠩᠨᠡᠯᠲᠡ ᠪᠣᠷᠣᠯᠠᠭᠤᠯᠤᠯᠲᠠ︾ ᠶᠢ ᠦᠷᠭᠦᠯᠵᠢᠯᠡᠨ ᠠᠬᠢᠭᠤᠯᠵᠤ᠂ ᠬᠥᠳᠡᠯᠮᠦᠷᠢᠴᠢᠳ ᠲᠤ ᠠᠵᠢᠯ ᠣᠯᠭᠤᠭᠰᠠᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠬᠤᠳᠠᠯᠳᠤᠭᠠᠨ ᠤ ᠡᠷᠦᠬᠡ ᠵᠡᠷᠭᠡ ᠠᠷᠠᠳ ᠤᠨ ᠭᠤᠣᠯᠳᠠᠯᠭ᠎ᠠ ᠲᠠᠢ ᠵᠣᠴᠢᠳ ᠤᠨ ᠰᠦᠷᠦᠭᠵᠢᠯ ᠤᠨ ᠲᠦᠭᠡᠮᠡᠯ ᠬᠠᠷᠠᠭᠠᠯᠵᠠᠯᠲᠤ ᠰᠣᠷᠪᠤᠯᠵᠢᠯᠠᠭ᠎ᠠ ᠶᠢᠨ ᠬᠠᠮᠤᠷᠬᠤ ᠬᠡᠪᠴᠢᠶ᠎ᠡ ᠶᠢ ᠨᠡᠮᠡᠭᠳᠡᠭᠦᠯᠦᠨ᠂ ᠦᠢᠯᠡᠴᠢᠯᠡᠭᠡᠨ ᠤ ᠭᠠᠷᠳᠠᠬᠤ ᠴᠡᠭ ᠢ ᠣᠨᠣᠪᠴᠢᠲᠠᠶ ᠡᠷᠢᠵᠦ᠂ ᠬᠡᠷᠡᠭᠯᠡᠭᠴᠢᠳ ᠤᠨ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠷᠡᠭᠴᠡᠭᠡ ᠶᠢ ᠪᠥᠬᠦ ᠲᠠᠯ᠎ᠠ ᠪᠠᠷ ᠬᠠᠩᠭᠠᠬᠤ ᠶᠢᠨ ᠬᠠᠮᠲᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠬᠦᠦ ᠶᠢᠨ ᠨᠣᠷᠮ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃  ᠭᠤᠷᠪᠠ ᠳᠤ᠂ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ ᠰᠢᠨ᠎ᠡ ᠬᠤᠳᠠ ᠶᠢᠨ ᠠᠷᠠᠳ ᠤᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃ ᠠᠷᠠᠳ ᠤᠨ ᠬᠡᠷᠡᠭᠯᠡᠭᠴᠢᠳ ᠤᠨ ᠬᠠᠮᠲᠤᠯᠢᠭ ᠤᠨ ᠮᠥᠩᠭᠦᠨ ᠭᠦᠢᠯᠭᠡᠭᠡᠨ ᠤ ᠮᠡᠳᠡᠯᠭᠡ ᠬᠠᠷᠢᠴᠠᠩᠭᠤᠢ ᠳᠤᠲᠠᠮᠠᠭ᠂ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠬᠠᠷᠢᠴᠠᠩᠭᠤᠢ ᠪᠠᠭᠤᠷᠠᠢ ᠪᠠᠶᠢᠬᠤ ᠣᠨᠴᠠᠯᠢᠭ ᠲᠤ ᠴᠢᠭᠯᠡᠭᠦᠯᠦᠨ᠂ ᠮᠥᠩᠭᠦᠨ ᠭᠦᠢᠯᠭᠡᠭᠡᠨ ᠤ ᠮᠡᠳᠡᠯᠭᠡ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠮᠡᠳᠡᠯᠭᠡ ᠶᠢ ᠣᠯᠠᠨ ᠠᠷᠭ᠎ᠠ ᠵᠠᠮ ᠢᠶᠠᠷ ᠤᠬᠠᠭᠤᠯᠵᠤ᠂ ᠠᠷᠠᠳ ᠤᠨ ᠬᠡᠷᠡᠭᠯᠡᠭᠴᠢᠳ ᠤᠨ ᠬᠠᠮᠲᠤᠯᠢᠭ ᠤᠨ ᠮᠥᠩᠭᠦᠨ ᠭᠦᠢᠯᠭᠡᠭᠡᠨ ᠤ ᠮᠡᠳᠡᠯᠭᠡ ᠶᠢᠨ ᠲᠤᠬᠠᠢ ᠲᠠᠨᠢᠯᠲᠠ ᠪᠠ ᠣᠶᠢᠯᠠᠭᠠᠯᠲᠠ ᠶᠢ ᠴᠢᠩᠭᠠᠳᠬᠠᠨ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠮᠥᠩᠭᠦᠨ ᠭᠦᠢᠯᠭᠡᠭᠡᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠡᠨᠡ ᠵᠢᠯ ᠠᠴᠠ ᠨᠠᠰᠢ᠂ ᠡᠯ᠎ᠡ ᠲᠥᠷᠥᠯ ᠤᠨ ᠭᠤᠣᠯ ᠰᠡᠳᠦᠪᠲᠦ ᠮᠥᠩᠭᠦᠨ ᠭᠦᠢᠯᠭᠡᠭᠡᠨ ᠤ ᠲᠦᠭᠡᠮᠡᠯᠵᠢᠭᠦᠯᠦᠯᠲᠡ ᠶᠢᠨ ᠠᠵᠢᠯᠯᠠᠭ᠎ᠠ ᠶᠢ 2 ᠤᠳᠠᠭ᠎ᠠ ᠥᠷᠨᠢᠭᠦᠯᠵᠦ᠂ 6000 ᠭᠠᠷᠤᠢ ᠬᠥᠮᠥᠨ ᠤᠳᠠᠭ᠎ᠠ ᠭᠥᠯᠢᠶᠡᠨ ᠠᠪᠴᠤ᠂ ᠠᠷᠠᠳ ᠲᠤ ᠨᠡᠶᠢᠲᠡ 20 ᠭᠠᠷᠤᠢ ᠤᠳᠠᠭ᠎ᠠ ᠦᠢᠯᠡᠴᠢᠯᠡᠭᠡ  ᠬᠠᠩᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号