| ᠨᠢᠭᠡ ᠳᠤ ︽ᠲᠤᠰᠬᠠᠢ ᠣᠷᠣᠨ ᠳᠤ ᠭᠦᠢᠴᠡᠳᠬᠡᠬᠦ︾᠃ ᠠᠵᠢᠯᠲᠠᠨ ᠤ ᠳᠠᠭᠠᠳᠬᠠᠯ ᠳᠤ ᠣᠷᠣᠯᠴᠠᠬᠤ᠂ | ᠠᠵᠢᠯ ᠠᠴᠠ ᠪᠠᠨ ᠪᠠᠭᠤᠵᠤ ᠠᠮᠠᠷᠠᠬᠤ ᠵᠡᠷᠭᠡ ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠢ ᠲᠥᠪᠯᠡᠷᠡᠭᠦᠯᠦᠨ | ᠭᠦᠢᠴᠡᠳᠬᠡᠵᠦ᠂ ᠠᠵᠢᠯ ᠶᠠᠪᠤᠳᠠᠯ ᠭᠦᠢᠴᠡᠳᠬᠡᠬᠦ ᠪᠡᠶᠡᠴᠢ ᠴᠣᠭᠴᠠ ᠬᠡᠵᠢᠶ᠎ᠡ ᠣᠴᠢᠪᠠᠯ ᠬᠡᠵᠢᠶ᠎ᠡ ᠭᠦᠢᠴᠡᠳᠬᠡᠵᠦ᠂ | ᠣᠯᠠᠨ ᠲᠦᠮᠡᠨ ᠤ ᠬᠦᠯᠢᠶᠡᠬᠦ ᠴᠠᠭ ᠢ ᠬᠠᠮᠤᠭ ᠤᠨ ᠶᠡᠭᠡ ᠪᠠᠷ ᠪᠠᠭᠠᠰᠬᠠᠨ᠂ ᠦᠢᠯᠡᠴᠢᠯᠡᠭᠡᠨ ᠤ ᠴᠢᠨᠠᠷ ᠴᠢᠨᠰᠠᠭ᠎ᠠ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠷᠳᠤᠴᠠ ᠲᠠᠢ᠂ ᠡᠷᠴᠢᠮ ᠲᠠᠢ᠂ ᠳᠤᠯᠠᠭᠠᠨ ᠤ ᠬᠡᠮᠵᠢᠶ᠎ᠡ ᠲᠠᠢ | ᠨᠡᠶᠢᠭᠡᠮ ᠤᠨ ᠳᠠᠭᠠᠳᠬᠠᠯ ᠤᠨ ᠴᠣᠩᠬᠤᠪᠴᠢ ᠦᠢᠯᠡᠴᠢᠯᠡᠭᠡᠨ ᠤ ᠰᠢᠨ᠎ᠡ ᠳᠦᠷᠢ ᠲᠥᠷᠬᠦ ᠶᠢ ᠪᠣᠶ ᠪᠣᠯᠭᠠᠪᠠ᠃ | ᠬᠤᠶᠠᠷ ᠲᠤ ︽ᠭᠡᠷ ᠲᠤᠨᠢ ᠬᠦᠷᠴᠦ ᠭᠦᠢᠴᠡᠳᠬᠡᠬᠦ︾᠃ ᠨᠠᠰᠤᠲᠠᠶᠢᠴᠤᠳ᠂ ᠣᠨᠴᠠᠭᠠᠶ ᠬᠠᠮᠲᠤᠯᠢᠭ ᠲᠤ | ᠬᠠᠨᠳᠤᠭᠤᠯᠤᠨ ︽ᠭᠡᠷ ᠲᠤᠨᠢ ᠬᠦᠷᠴᠦ ᠭᠦᠢᠴᠡᠳᠬᠡᠬᠦ︾ ᠶᠢ ᠬᠠᠪᠰᠤᠷᠤᠨ ᠲᠡᠳᠬᠦᠵᠦ᠂ ᠦᠷ᠎ᠡ ᠬᠡᠦᠬᠡᠳ ᠨᠢ | ᠳᠡᠷᠭᠡᠳᠡ ᠨᠢ ᠪᠠᠶᠢᠬᠤ ᠦᠭᠡᠢ᠂ ᠣᠶᠤᠨᠯᠢᠭ ᠭᠠᠷ ᠤᠲᠠᠰᠤ ᠬᠡᠷᠡᠭᠯᠡᠵᠦ ᠴᠢᠳᠠᠬᠤ ᠦᠭᠡᠢ᠂ ᠬᠥᠳᠡᠯᠵᠦ ᠪᠠᠷᠢᠬᠤ ᠳᠤ | ᠳᠥᠭᠦᠮ ᠦᠭᠡᠢ ᠵᠡᠷᠭᠡ ᠰᠢᠯᠲᠠᠭᠠᠨ ᠠᠴᠠ ᠪᠣᠯᠤᠭᠰᠠᠨ ᠨᠡᠶᠢᠭᠡᠮ ᠤᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠳᠤ | ᠬᠦᠴᠢᠷ ᠠᠰᠠᠭᠤᠳᠠᠯ᠂ ᠬᠠᠷᠰᠢ ᠰᠠᠭᠠᠳ ᠲᠠᠢ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠪᠡ᠃ | ᠭᠤᠷᠪᠠ ᠳᠤ ︽ᠰᠦᠯᠵᠢᠶᠡᠨ ᠳᠡᠭᠡᠷ᠎ᠡ ᠭᠦᠢᠴᠡᠳᠬᠡᠬᠦ︾ ᠃ ︽ᠥᠪᠥᠷ ᠮᠣᠩᠭᠤᠯ ᠤᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾᠂ ︽ᠥᠪᠥᠷ ᠮᠣᠩᠭᠤᠯ ᠤᠨ ᠮᠥᠩᠭᠡ ᠰᠣᠪᠠᠭ︾ ᠤᠨ ᠰᠦᠯᠵᠢᠶᠡᠨ | ᠳᠡᠭᠡᠷᠡᠬᠢ ᠭᠠᠷᠲᠠᠨ ᠭᠦᠢᠴᠡᠳᠬᠡᠬᠦ ᠲᠠᠪᠴᠠᠩ ᠢ ᠬᠦᠴᠦᠯᠡᠨ ᠳᠡᠯᠭᠡᠷᠡᠭᠦᠯᠵᠦ᠂ ᠠᠵᠤ ᠠᠬᠤᠶᠢᠯᠠᠯ ᠤᠨ ᠰᠦᠯᠵᠢᠶᠡᠨ | ᠳᠡᠭᠡᠷ᠎ᠡ ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ ᠵᠡᠷᠭᠡ ᠡᠯ᠎ᠡ ᠵᠦᠢᠯ ᠤᠨ | ᠨᠢᠭᠡᠴᠡ ᠶᠢᠨ ᠲᠤᠬᠠᠶᠢᠯᠠᠭᠰᠠᠨ ᠠᠵᠢᠯ ᠢᠶᠠᠨ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠵᠦ᠂ ᠳᠠᠭᠠᠳᠬᠠᠯ ᠳᠤ | ᠣᠷᠣᠯᠴᠠᠭᠰᠠᠳ ᠭᠠᠷ ᠤᠲᠠᠰᠤᠨ ᠤ APP ᠪᠠᠷ ᠳᠠᠮᠵᠢᠭᠤᠯᠤᠨ ᠣᠯᠭᠤᠮᠵᠢ ᠬᠠᠷᠠᠭᠠᠯᠵᠠᠯ ᠤᠨ ᠬᠢᠷᠢ ᠬᠡᠮ ᠤᠨ | ᠭᠡᠷᠡᠴᠢᠯᠡᠯ᠂ ᠬᠤᠪᠢ ᠬᠥᠮᠥᠨ ᠤ ᠡᠷᠬᠡ ᠠᠰᠢᠭ ᠢ ᠪᠠᠶᠢᠴᠠᠭᠠᠨ ᠯᠠᠪᠯᠠᠵᠤ ᠳᠠᠷᠤᠮᠠᠯᠯᠠᠬᠤ᠂ ᠨᠡᠶᠢᠭᠡᠮ ᠤᠨ | ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠵᠡᠷᠭᠡ ᠣᠯᠠᠨ ᠵᠦᠢᠯ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠵᠦᠢᠯᠡᠰ ᠢ ᠣᠯᠬᠤ ᠶᠢ ᠪᠡᠶᠡᠯᠡᠭᠦᠯᠪᠡ᠃ | ᠳᠥᠷᠪᠡ ᠳᠤ ︽ᠬᠠᠮᠲᠤᠷᠠᠨ ᠭᠦᠢᠴᠡᠳᠬᠡᠬᠦ︾᠃ ︽ᠨᠡᠶᠢᠭᠡᠮ ᠪᠠᠩᠬᠢ ᠶᠢᠨ ᠬᠠᠮᠲᠤᠷᠠᠯᠴᠠᠭ᠎ᠠ︾ ᠶᠢᠨ ᠵᠠᠭᠪᠤᠷ ᠢ | ᠬᠡᠷᠡᠭᠵᠢᠭᠦᠯᠵᠦ᠂ ᠪᠠᠩᠬᠢ ᠶᠢᠨ ᠬᠦᠴᠦᠨ ᠢ ᠣᠷᠣᠭᠤᠯᠤᠨ ᠠᠪᠴᠢᠷᠠᠵᠤ᠂ ᠨᠡᠶᠢᠭᠡᠮ ᠤᠨ ᠪᠠᠲᠤᠯᠠᠭ᠎ᠠ ᠶᠢᠨ | ᠲᠤᠬᠠᠶᠢᠯᠠᠭᠰᠠᠨ ᠠᠵᠢᠯ ᠢ ᠪᠠᠩᠬᠢ ᠳᠠᠰᠢ ᠥᠷᠭᠡᠳᠬᠡᠨ᠂ ᠪᠠᠩᠬᠢ ᠶᠢᠨ ᠲᠣᠣᠷ ᠴᠢᠭ᠋᠂ ᠠᠵᠢᠯᠲᠠᠨ᠂ ᠲᠥᠬᠦᠭᠡᠷᠦᠮᠵᠢ | ᠪᠠ ᠰᠦᠯᠵᠢᠶᠡᠨ ᠤ ᠡᠬᠢ ᠪᠠᠶᠠᠯᠢᠭ ᠵᠡᠷᠭᠡ ᠶᠢ ᠭᠦᠢᠴᠡᠳ ᠠᠰᠢᠭᠯᠠᠨ᠂ ᠨᠡᠶᠢᠭᠡᠮ ᠤᠨ ᠪᠠᠲᠤᠯᠠᠭ᠎ᠠ ᠶᠢᠨ ᠪᠡᠶ᠎ᠡ ᠪᠠᠨ | ᠳᠠᠭᠠᠭᠠᠵᠤ ᠭᠠᠷᠲᠠᠨ ᠭᠦᠢᠴᠡᠳᠬᠡᠬᠦ ᠦᠢᠯᠡᠴᠢᠯᠡᠭᠡ ᠪᠠᠷ ᠭᠤᠣᠯ ᠴᠣᠭᠴᠠ ᠪᠣᠯᠭᠠᠭᠰᠠᠨ᠂ ᠬᠠᠮᠢᠶ᠎ᠠ ᠪᠦᠬᠦᠢ | ᠪᠠᠶᠢᠭᠤᠯᠤᠮᠵᠢ ᠶᠢᠨ ᠬᠠᠮᠲᠤᠷᠠᠨ ᠭᠠᠷᠲᠠᠨ ᠭᠦᠢᠴᠡᠳᠬᠡᠬᠦ ᠦᠢᠯᠡᠴᠢᠯᠡᠭᠡ ᠪᠠᠷ ᠨᠥᠬᠦᠪᠦᠷᠢ ᠪᠣᠯᠭᠠᠭᠰᠠᠨ | ᠦᠢᠯᠡᠴᠢᠯᠡᠭᠡᠨ ᠤ ᠪᠠᠶᠢᠷᠢᠰᠢᠯ ᠢ ᠪᠣᠶ ᠪᠣᠯᠭᠠᠵᠤ᠂ ᠨᠡᠶᠢᠭᠡᠮ ᠤᠨ ᠪᠠᠲᠤᠯᠠᠭ᠎ᠠ ᠪᠠ ᠪᠠᠩᠬᠢ ᠶᠢᠨ ᠨᠢᠭᠡ ᠴᠣᠭᠴᠠᠵᠢᠭᠰᠠᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠣᠷ ᠴᠢᠭ᠋ ᠢ ᠬᠠᠮᠲᠤᠪᠠᠷ ᠪᠣᠶ ᠪᠣᠯᠭᠠᠵᠤ᠂ ︽ᠨᠡᠶᠢᠭᠡᠮ | ᠪᠠᠩᠬᠢ ᠶᠢᠨ ᠬᠠᠮᠲᠤᠷᠠᠯᠴᠠᠭ᠎ᠠ︾ ᠶᠢᠨ ᠨᠢᠭᠡ ᠴᠣᠭᠴᠠᠵᠢᠭᠰᠠᠨ ᠦᠢᠯᠡᠴᠢᠯᠡᠭᠡᠨ ᠤ ᠵᠠᠭᠪᠤᠷ ᠢ ᠪᠡᠶᠡᠯᠡᠭᠦᠯᠪᠡ᠃ |