| ᠨᠢᠭᠡ ᠳᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠡᠷᠡᠭᠯᠡᠭᠡᠨ ᠤ ᠳᠠᠶᠢᠴᠢᠯᠠᠬᠤ ᠦᠢᠯᠡᠳᠦᠯ ᠢ ᠦᠷᠭᠦᠯᠵᠢᠯᠡᠨ | ᠪᠠᠳᠠᠷᠠᠭᠤᠯᠵᠤ᠂ ᠴᠠᠭᠠᠨ ᠰᠠᠷ᠎ᠠ ᠠᠴᠠ ᠡᠮᠦᠨᠡᠬᠢ ᠰᠢᠨ᠎ᠡ ᠶᠢᠨ ᠪᠠᠷᠠᠭ᠎ᠠ ᠶᠢ ᠭᠦᠢᠴᠡᠳ ᠠᠰᠢᠭᠯᠠᠨ ᠬᠡᠷᠡᠭᠯᠡᠭᠡᠨ ᠤ | ᠤᠷᠬᠢᠯ ᠢ ᠠᠬᠢᠭᠤᠯᠵᠤ᠂ ᠬᠠᠢ ᠡᠯ᠂ ᠯᠦᠩ ᠴᠠᠩ ᠵᠡᠷᠭᠡ ᠭᠤᠣᠯᠳᠠᠯᠭ᠎ᠠ ᠲᠠᠢ ᠲᠣᠮᠣ ᠬᠡᠯᠪᠡᠷᠢ ᠶᠢᠨ ᠠᠷᠠᠯᠵᠢᠶ᠎ᠠ | ᠬᠤᠳᠠᠯᠳᠤᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ | ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠲᠠᠸᠠᠷ ᠤᠨ ᠬᠡᠷᠡᠭᠯᠡᠭᠡᠨ ᠤ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠬᠤᠶᠠᠷ ᠲᠤ᠂ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠪᠠᠶᠢᠴᠠᠭᠠᠨ ᠰᠤᠳᠤᠯᠵᠤ ᠵᠠᠳᠠᠯᠤᠯᠲᠠ ᠬᠢᠬᠦ ᠪᠠᠷ ᠳᠠᠮᠵᠢᠭᠤᠯᠤᠨ᠂ | ᠠᠵᠤ ᠠᠬᠤᠶᠢᠯᠠᠯ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠬᠡᠷᠡᠭᠯᠡᠭᠡ ᠶᠢ ᠠᠬᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠯᠭᠡᠨ᠎ᠡ᠃ | ᠭᠤᠷᠪᠠ ᠳᠤ᠂ ᠥᠪᠥᠷ ᠮᠣᠩᠭᠤᠯ ᠤᠨ ᠬᠠᠭᠤᠴᠢᠨ ᠨᠠᠷᠠᠲᠤ ᠲᠡᠮᠳᠡᠭᠲᠦ ᠪᠠ ᠥᠪᠥᠷ ᠮᠣᠩᠭᠤᠯ ᠤᠨ ᠣᠨᠴᠠᠯᠢᠭ ᠲᠠᠢ | ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠢ ᠪᠠᠳᠠᠷᠠᠭᠤᠯᠵᠤ᠂ ᠬᠠᠭᠤᠴᠢᠨ ᠨᠠᠷᠠᠲᠤ ᠲᠡᠮᠳᠡᠭᠲᠦ ᠶᠢ ᠬᠠᠮᠠᠭᠠᠯᠠᠨ | ᠵᠠᠯᠭᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠬᠠᠭᠤᠴᠢᠨ ᠨᠠᠷᠠᠲᠤ ᠲᠡᠮᠳᠡᠭᠲᠦ ᠶᠢᠨ ᠰᠣᠶᠣᠯ ᠤᠨ | ᠠᠭᠤᠯᠬᠤᠨ ᠢ ᠭᠦᠨ ᠠᠭᠤᠳᠠᠯᠬᠤ ᠶᠢ ᠠᠬᠢᠭᠤᠯᠤᠨ᠂ ᠲᠡᠷᠢᠭᠦᠨ ᠤ ᠣᠨᠣᠯᠵᠢᠬᠤᠨ ᠢ ᠬᠠᠷᠢᠴᠠᠭᠤᠯᠤᠨ᠂ ᠰᠢᠨ᠎ᠡ ᠶᠢ | ᠡᠭᠦᠳᠦᠨ ᠬᠥᠭᠵᠢᠭᠦᠯᠬᠦ ᠶᠢ ᠲᠥᠪ ᠪᠣᠯᠭᠠᠵᠤ᠂ ᠵᠢᠱᠢᠶ᠎ᠡ ᠦᠵᠡᠭᠦᠯᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ | | ᠳᠥᠷᠪᠡ ᠳᠤ᠂ ᠬᠡᠷᠡᠭᠯᠡᠭᠡ ᠶᠢ ᠠᠬᠢᠭᠤᠯᠬᠤ ᠰᠣᠶᠣᠯ ᠤᠨ ᠠᠵᠢᠯᠯᠠᠭ᠎ᠠ ᠶᠢ ᠵᠣᠬᠢᠴᠠᠩᠭᠤᠢ ᠪᠠᠷ ᠠᠬᠢᠭᠤᠯᠵᠤ᠂ ︽ | ᠪᠣᠭᠤᠮᠲᠠ ᠶᠢᠨ ᠭᠠᠳᠠᠨᠠᠬᠢ ᠠᠷᠢᠬᠢᠨ ᠮᠤᠬᠤᠯᠠᠭ ᠤᠨ ᠰᠦᠯᠵᠢᠶᠡᠨ ᠤ ᠴᠠᠭᠠᠨ ᠰᠠᠷ᠎ᠠ ᠶᠢᠨ ᠪᠠᠷᠠᠭ᠎ᠠ ᠶᠢᠨ ᠪᠠᠶᠠᠷ︾᠂ ︽ | ᠨᠢᠩᠴᠧᠩ ᠤᠨ ᠽᠢ ᠮᠧᠩ ᠬᠡᠦ ᠨᠠᠭᠤᠷ ᠤᠨ ᠡᠪᠦᠯ ᠤᠨ ᠠᠩᠨᠠᠯᠲᠠ ᠶᠢᠨ ᠪᠠᠶᠠᠷ︾ ᠵᠡᠷᠭᠡ ᠭᠤᠣᠯᠳᠠᠯᠭ᠎ᠠ ᠲᠠᠢ | ᠰᠣᠶᠣᠯ ᠤᠨ ᠭᠤᠣᠯ ᠰᠡᠳᠦᠪᠲᠦ ᠠᠵᠢᠯᠯᠠᠭ᠎ᠠ ᠳᠤ ᠲᠦᠰᠢᠭᠯᠡᠵᠦ᠂ ᠨᠢᠩᠴᠧᠩ ᠤᠨ ᠰᠣᠶᠣᠯ ᠵᠤᠭᠠᠴᠠᠯ ᠤᠨ | ᠬᠡᠷᠡᠭᠯᠡᠭᠡᠨ ᠤ ᠲᠦᠷᠦᠯ ᠲᠡᠮᠳᠡᠭ ᠢ ᠬᠠᠩᠭᠢᠨᠠᠭᠤᠯᠤᠨ᠎ᠠ᠃ | ᠲᠠᠪᠤ ᠳᠤ᠂ ᠡᠯ᠎ᠡ ᠲᠦᠷᠦᠯ ᠤᠨ ᠬᠡᠷᠡᠭᠯᠡᠭᠡ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢ ᠢᠳᠡᠪᠬᠢᠲᠡᠢ | ᠭᠤᠶᠤᠴᠢᠯᠠᠵᠤ᠂ ᠠᠵᠤ ᠠᠬᠤᠶᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠲᠡᠰ ᠳᠡᠪᠰᠢᠭᠦᠯᠬᠦ ᠶᠢ ᠠᠬᠢᠭᠤᠯᠵᠤ᠂ | ᠬᠡᠷᠡᠭᠯᠡᠭᠴᠢᠳ ᠤᠨ ︽ᠪᠦᠲᠦᠮᠵᠢᠲᠡᠢ ᠬᠡᠷᠡᠭᠴᠡᠭᠡ︾ ᠶᠢ ᠲᠠᠰᠤᠷᠠᠯᠳᠡ ᠦᠭᠡᠢ ᠬᠠᠩᠭᠠᠨ᠎ᠠ᠃ | ᠵᠢᠷᠭᠤᠭ᠎ᠠ ᠳᠤ᠂ ᠬᠤᠲᠠ ᠶᠢᠨ ᠱᠠᠲᠤᠨ ᠤ ᠡᠯᠧᠺᠲᠷᠣᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯ ᠢ ᠰᠠᠶᠢᠲᠤᠷ | ᠨᠠᠶᠢᠳᠠᠪᠤᠷᠢᠵᠢᠭᠤᠯᠵᠤ᠂ ᠲᠠᠷᠬᠠᠭᠠᠬᠤ ᠨᠢᠭᠡᠴᠡ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠶᠢ ᠴᠢᠩᠭᠠᠳᠬᠠᠬᠤ ᠪᠠᠷ | ᠳᠠᠮᠵᠢᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠢ ᠬᠠᠮᠤᠭ ᠤᠨ | ᠶᠡᠭᠡ ᠬᠡᠮᠵᠢᠶ᠎ᠡ ᠪᠠᠷ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠬᠡᠷᠡᠭᠯᠡᠭᠡᠨ ᠤ ᠳᠠᠶᠢᠴᠢᠯᠠᠬᠤ ᠬᠠᠷᠢᠴᠠᠯ ᠢ ᠲᠠᠰᠤᠷᠠᠯᠲᠠ | ᠦᠭᠡᠢ ᠥᠷᠭᠡᠳᠬᠡᠨ᠎ᠡ᠃ |