| ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠷᠣᠵᠤ ᠰᠠᠭᠤᠭᠰᠠᠨ ᠨᠠᠰᠤᠲᠠᠶᠢᠴᠤᠳ ᠤᠨ ᠠᠮᠤᠷ | ᠲᠦᠪᠰᠢᠨ ᠰᠠᠨᠠᠭ᠎ᠠ ᠠᠮᠤᠷ ᠬᠤᠭᠤᠯᠠ ᠢᠳᠡᠬᠦ ᠶᠢ ᠪᠠᠲᠤᠯᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ | ᠤᠶᠢᠷ᠎ᠠ ᠶᠢᠨ ᠡᠳᠦᠷ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ | | ᠨᠢᠭᠡ ᠳᠤ ᠢᠳᠡᠭᠡᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ ᠢᠳᠡᠭᠡᠨ ᠤ ᠠᠮᠤᠷ ᠲᠦᠪᠰᠢᠨ ᠤ | ᠠᠵᠢᠯᠲᠠᠨ ᠢ ᠬᠠᠤᠯᠢ ᠶᠣᠰᠣᠭᠠᠷ ᠲᠣᠬᠢᠷᠠᠭᠤᠯᠤᠭᠰᠠᠨ ᠡᠰᠡᠬᠦ᠂ ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ | ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ ᠠᠵᠢᠯ ᠤᠨ ᠳᠦᠷᠢᠮ ᠢ ᠪᠠᠶᠢᠭᠤᠯᠤᠨ | ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠶᠢᠴᠠᠭᠠᠪᠠ᠃ ᠬᠤᠶᠠᠷ ᠲᠤ ᠢᠳᠡᠭᠡᠨ ᠤ ᠠᠶᠤᠯᠭᠦᠢ ᠶᠢᠨ ᠳᠦᠷᠢᠮ ᠢ | ᠪᠠᠶᠢᠭᠤᠯᠤᠨ ᠲᠡᠭᠦᠯᠳᠡᠷᠵᠢᠭᠦᠯᠦᠭᠰᠡᠨ ᠡᠰᠡᠬᠦ᠂ ᠬᠤᠭᠤᠯᠠᠨ ᠤ ᠰᠠᠪᠠ ᠬᠡᠷᠡᠭᠰᠡᠯ ᠢ ᠤᠬᠢᠶᠠᠵᠤ ᠠᠷᠢᠭᠤᠳᠬᠠᠬᠤ ᠨᠢ | ᠱᠠᠭᠠᠷᠳᠠᠯᠭ᠎ᠠ ᠳᠤ ᠨᠡᠶᠢᠴᠡᠬᠦ ᠡᠰᠡᠬᠦ᠂ ᠢᠳᠡᠭᠡᠨ ᠤ ᠦᠯᠡᠳᠡᠭᠡᠭᠰᠡᠨ ᠦᠯᠢᠭᠡᠷ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ | ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠥᠷᠯᠥᠭᠡ ᠶᠢᠨ ᠪᠠᠶᠢᠴᠠᠭᠠᠯᠲᠠ ᠶᠢᠨ | ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠶᠢᠴᠠᠭᠠᠪᠠ᠃ ᠭᠤᠷᠪᠠ ᠳᠤ ᠭᠡᠷᠡᠴᠢ ᠪᠠᠷᠢᠮᠲᠠ ᠠᠪᠬᠤ ᠳᠦᠷᠢᠮ ᠢ | ᠨᠠᠶᠢᠳᠠᠪᠤᠷᠢᠵᠢᠭᠤᠯᠬᠤ ᠶᠢᠨ ᠬᠠᠮᠲᠤ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠭᠰᠠᠨ ᠵᠢᠷᠤᠮᠵᠢᠭᠰᠠᠨ ᠲᠡᠮᠳᠡᠭᠯᠡᠯ ᠢ | ᠪᠠᠶᠢᠭᠤᠯᠤᠭᠰᠠᠨ ᠡᠰᠡᠬᠦ᠂ ᠠᠮᠤ ᠪᠤᠳᠠᠭ᠎ᠠ᠂ ᠭᠤᠯᠢᠷ᠂ ᠲᠣᠰᠣ᠂ ᠥᠨᠳᠡᠭᠡ᠂ ᠰᠦ᠂ ᠮᠢᠬ᠎ᠠ ᠵᠡᠷᠭᠡ ᠳᠤ | ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠪᠠᠶᠢᠬᠤ ᠡᠰᠡᠬᠦ ᠵᠢᠴᠢ ᠠᠳᠠᠯᠢ ᠪᠦᠯᠦᠭ ᠤᠳᠠᠭ᠎ᠠ ᠶᠢᠨ ᠰᠢᠯᠭᠠᠨ | ᠪᠠᠶᠢᠴᠠᠭᠠᠭᠰᠠᠨ ︵ᠰᠢᠯᠭᠠᠨ ᠪᠠᠶᠢᠴᠠᠭᠠᠭᠰᠠᠨ︶ ᠮᠡᠳᠡᠭᠦᠯᠦᠯᠲᠡ ᠵᠡᠷᠭᠡ ᠶᠢ ᠪᠠᠶᠢᠴᠠᠭᠠᠪᠠ᠃ ᠣᠲᠣ ᠪᠣᠯᠲᠠᠯ᠎ᠠ᠂ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ 15 ᠤᠳᠠᠭ᠎ᠠ ᠪᠠᠶᠢᠴᠠᠭᠠᠵᠤ᠂ ᠪᠠᠶᠢᠴᠠᠭᠠᠯᠲᠠ ᠳᠤ ᠢᠯᠡᠷᠡᠭᠦᠯᠦᠭᠰᠡᠨ | ᠬᠡᠰᠡᠭ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠲᠤ ᠠᠷᠢᠭᠤᠳᠬᠠᠬᠤ ᠲᠥᠬᠦᠭᠡᠷᠦᠮᠵᠢ ᠶᠢ | ᠲᠣᠭᠲᠠᠭᠠᠯ ᠶᠣᠰᠣᠭᠠᠷ ᠬᠡᠷᠡᠭᠯᠡᠭᠰᠡᠨ ᠦᠭᠡᠢ᠂ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ ᠳᠤ ᠭᠡᠷᠡᠴᠢ ᠪᠠᠷᠢᠮᠲᠠ | ᠪᠦᠷᠢᠨ ᠠᠪᠤᠭᠰᠠᠨ ᠦᠭᠡᠢ᠂ ᠲᠤᠰᠠᠭᠠᠷ ᠬᠤᠭᠤᠯᠠ ᠪᠡᠯᠡᠳᠬᠡᠬᠦ ᠥᠷᠥᠭᠡ ᠪᠠᠶᠢᠬᠤ ᠦᠭᠡᠢ ᠵᠡᠷᠭᠡ ᠠᠰᠠᠭᠤᠳᠠᠯ ᠳᠤ ︽ | ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ 3 ᠬᠤᠪᠢ ᠪᠠᠭᠤᠯᠭᠠᠵᠤ᠂ ᠲᠡᠭᠦᠨ ᠢ | ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | | ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠡᠴᠦᠰ ᠲᠤᠨᠢ ᠲᠤᠯᠲᠠᠯ᠎ᠠ | ᠠᠳᠬᠤᠵᠤ᠂ ᠴᠠᠭ ᠲᠤᠨᠢ ᠲᠣᠬᠢᠷᠠᠭᠤᠯᠤᠨ ︽ᠡᠷᠬᠢᠨ ᠬᠠᠷᠠᠬᠤ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ | | | |