ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/1/29
        ᠳᠤᠮᠳᠠᠲᠦ ᠤᠯᠤᠰ ᠤᠨ ᠡᠪ ᠬᠠᠮᠲᠦ ᠨᠠᠮ ᠤᠨ ᠨᠢᠩᠴᠧᠩ ᠰᠢᠶᠠᠨ ᠤ ᠬᠤᠷᠢᠶ᠎ᠠ ᠰᠣᠳᠣᠯᠣᠭᠠᠳ ᠲᠤᠤᠷᠠᠬᠢ ᠰᠠᠯᠠᠭᠠᠨ ᠲᠡᠰ ᠤᠨ ᠤᠳᠤᠷᠢᠳᠬᠤ ᠺᠠᠳ᠋ᠷ ᠤᠨ ᠲᠤᠰᠢᠶᠠᠯ ᠳᠤ ᠲᠤᠮᠢᠯᠠᠬᠤ ᠶᠢ ᠢᠯᠡ ᠨᠡᠶᠢᠳᠡᠯᠡᠬᠦ ᠪᠠᠷ ᠲᠤᠭᠲᠠᠪᠠ᠃    ᠨᠢᠭᠡ᠂ ᠢᠯᠡ ᠨᠡᠶᠢᠲᠡᠯᠡᠬᠦ ᠨᠡᠷᠡᠰ    ᠭᠦᠸᠧ ᠬᠠᠢ ᠵᠠᠨ᠂ ᠡᠷᠡᠭᠲᠡᠶ᠂ ᠬᠢᠲᠠᠳ ᠦᠨᠳᠦᠰᠦᠲᠡᠨ᠂ 1987 ᠣᠨ ᠤ 1 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2009 ᠣᠨ ᠤ 9 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂   ᠤᠳᠤ ᠶᠡᠭᠡ ᠵᠦᠩ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠨ᠎ᠠ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠵᠢᠩᠬᠢᠨᠢ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠴᠧᠨ ᠬᠤᠤ᠂ ᠡᠷᠡᠭᠲᠡᠢ᠂ ᠮᠣᠩᠭᠤᠯ ᠦᠨᠳᠦᠰᠦᠲᠡᠨ᠂ 1982 ᠣᠨ ᠤ 6 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ 2004 ᠣᠨ ᠤ 8 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ᠂ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠩᠬᠢᠨᠢ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠵᠣᠣ ᠬᠠᠶ ᠲᠤᠤ᠂ ᠡᠷᠡᠭᠲᠡᠶ᠂ ᠬᠢᠲᠠᠳ ᠦᠨᠳᠦᠰᠦᠲᠡᠨ᠂ 1982 ᠣᠨ ᠤ 1 ᠰᠠᠷ᠎ᠠ ᠳᠤ ᠳᠦᠷᠦᠵᠡᠶ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ 2000 ᠣᠨ ᠤ 7 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠲᠤᠤᠷ᠎ᠠ ᠬᠤᠷᠤᠭ᠎ᠠ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠰᠥᠩ ᠶᠠ ᠵᠢᠤᠸᠠᠨ᠂ ᠡᠮᠡᠭᠲᠡᠶ᠂ ᠬᠢᠲᠠᠳ ᠦᠨᠳᠦᠰᠦᠲᠡᠨ᠂ 1990 ᠣᠨ ᠤ 7 ᠰᠠᠷ᠎ᠠ ᠳᠤ ᠳᠦᠷᠦᠵᠡᠶ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ 2015 ᠣᠨ ᠤ 8 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠲᠢᠶᠠᠨ ᠢ ᠪᠠᠯᠭᠠᠰᠤᠨ ᠤ ᠵᠠᠰᠠᠭ ᠤᠨ ᠣᠷᠳᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠤᠨ ᠠᠵᠢᠯᠲᠠᠨ᠂ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠰᠠᠯᠠᠭᠠᠨ ᠲᠠᠰ ᠤᠨ ᠤᠳᠤᠷᠢᠳᠬᠤ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠵᠢᠶᠠᠩ ᠯᠢ ᠰᠢᠤᠸᠠᠢ᠂ ᠡᠮᠡᠭᠲᠡᠢ᠂ ᠬᠢᠲᠠᠳ ᠦᠨᠳᠦᠰᠦᠲᠡᠨ᠂ 1994 ᠣᠨ ᠤ 1 ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2019 ᠣᠨ ᠤ 9 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ  ᠭᠤᠷᠪᠠᠨ ᠤᠪᠣᠭ᠎ᠠ ᠪᠠᠯᠭᠠᠰᠤᠨ ᠤ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠰᠠᠯᠠᠭᠠᠨ ᠲᠡᠰ ᠤᠨ ᠤᠳᠤᠷᠢᠳᠬᠤ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠷᠧᠨ ᠱᠤ᠋ ᠸᠧᠶ᠂ ᠡᠷᠡᠭᠲᠡᠶ᠂ ᠬᠢᠲᠠᠳ ᠦᠨᠳᠦᠰᠦᠲᠡᠨ᠂ 1989 ᠣᠨ ᠤ 7 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2016 ᠣᠨ ᠤ 9 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠤᠷᠪᠠᠳᠤᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ ᠳᠡᠳ᠋ ᠡᠷᠬᠢᠯᠡᠭᠴᠢ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠰᠠᠯᠠᠭᠠᠨ ᠲᠡᠰ ᠤᠨ ᠤᠳᠤᠷᠢᠳᠬᠤ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠯᠢᠦ ᠬᠠᠶ ᠶᠤᠸᠠᠢ᠂ ᠡᠷᠡᠭᠲᠡᠶ᠂ ᠬᠢᠲᠠᠳ ᠦᠨᠳᠦᠰᠦᠲᠡᠨ᠂ 1984 ᠣᠨ ᠤ 12 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ 2007 ᠣᠨ ᠤ 9 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ  ᠪᠢᠰᠠᠷ ᠪᠠᠯᠭᠠᠰᠤᠨ ᠤ ᠨᠠᠮ ᠤᠨ ᠭᠡᠰᠢᠭᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠡᠳᠦᠷ ᠲᠤᠲᠤᠮ ᠤᠨ ᠠᠵᠢᠯ ᠢ ᠡᠷᠭᠢᠯᠡᠵᠦ ᠪᠠᠶᠢᠭ᠎ᠠ ᠳᠡᠳ᠋ ᠡᠷᠬᠢᠯᠡᠭᠴᠢ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃     ᠠᠷᠤᠤᠬᠠᠨ᠂ ᠡᠷᠡᠭᠲᠡᠶ᠂ ᠮᠣᠩᠭᠤᠯ ᠦᠨᠳᠦᠰᠦᠲᠡᠨ᠂ 1992 ᠣᠨ ᠤ 6 ᠰᠠᠷ᠎ᠠ ᠳᠤ ᠳᠦᠷᠦᠵᠡᠶ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ 2014 ᠣᠨ ᠤ 7 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠷᠬᠤᠭ ᠪᠠᠯᠭᠠᠰᠤᠨ ᠤ ᠵᠠᠰᠠᠭ ᠤᠨ ᠣᠷᠳᠣᠨ ᠤ ᠵᠡᠪᠰᠡᠭᠲᠦ ᠬᠦᠴᠦᠨ ᠤ ᠠᠵᠢᠯᠯᠠᠭᠴᠢ᠂ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠼᠠᠢ ᠾᠧ ᠨᠠᠨ᠂ ᠡᠷᠡᠭᠲᠡᠶ᠂ ᠮᠠᠨᠵᠤ ᠦᠨᠳᠦᠰᠦᠲᠡᠨ᠂ 1992 ᠣᠨ ᠤ 11 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2016 ᠣᠨ ᠤ 7 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ  ᠶᠡᠭᠡ ᠬᠤᠣᠰ ᠰᠦᠮ᠎ᠡ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠰᠠᠯᠠᠭᠠᠨ ᠲᠠᠰ ᠤᠨ ᠤᠳᠤᠷᠢᠳᠬᠤ ᠲᠤᠰᠢᠶᠠᠯ ᠳᠤ ᠴᠢᠨᠠᠭᠰᠢᠳᠠ ᠬᠡᠷᠡᠭᠯᠡᠬᠦ ᠪᠠᠷ ᠪᠤᠢ᠃    ᠢᠦᠢ ᠬᠠᠢ ᠶᠠᠩ᠂ ᠡᠷᠡᠭᠲᠡᠶ᠂ ᠬᠢᠲᠠᠳ ᠦᠨᠳᠦᠰᠦᠲᠡᠨ᠂ 1979 ᠣᠨ ᠤ 5 ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 1999 ᠣᠨ ᠤ 7 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠰᠢᠶᠠᠨ ᠤ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠂ ᠰᠢᠶᠠᠨ ᠤ ᠨᠠᠮ ᠤᠨ ᠬᠤᠷᠢᠶᠠᠨ ᠤ ᠠᠵᠢᠯ ᠤᠨ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠢᠶᠠᠷ ᠤᠯᠠᠮ ᠨᠢᠭᠡ ᠠᠯᠬᠤᠮ ᠬᠡᠷᠡᠭᠯᠡᠬᠦ ᠪᠠᠷ ᠲᠥᠯᠥᠪᠯᠡᠵᠦ ᠪᠠᠶᠢᠨ᠎ᠠ᠃    ᠯᠢᠦ ᠯᠢ ᠨᠠ᠂ ᠡᠮᠡᠭᠲᠡᠶ᠂ ᠬᠢᠲᠠᠳ ᠦᠨᠳᠦᠰᠦᠲᠡᠨ᠂ 1986 ᠣᠨ ᠤ 12 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2010 ᠣᠨ ᠤ 2 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ  ᠬᠠᠷᠠᠬᠤᠲᠠ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠰᠢᠶᠠᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠢᠶᠠᠷ ᠤᠯᠠᠮ ᠨᠢᠭᠡ ᠠᠯᠬᠤᠮ ᠬᠡᠷᠡᠭᠯᠡᠬᠦ ᠪᠠᠷ ᠲᠥᠯᠥᠪᠯᠡᠵᠦ ᠪᠠᠶᠢᠨ᠎ᠠ᠃    ᠸᠠᠩ ᠵᠢᠶᠠᠨ ᠶᠢᠩ᠂ ᠡᠮᠡᠭᠲᠡᠢ᠂ ᠬᠢᠲᠠᠳ ᠦᠨᠳᠦᠰᠦᠲᠡᠨ᠂ 1983 ᠣᠨ ᠤ 11 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 2007 ᠣᠨ ᠤ 7 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠪᠢᠰᠠᠷ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠰᠢᠶᠠᠨ ᠤ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠵᠢᠩᠬᠢᠨᠢ ᠲᠤᠰᠢᠶᠠᠯ ᠢᠶᠠᠷ ᠤᠯᠠᠮ ᠨᠢᠭᠡ ᠠᠯᠬᠤᠮ ᠬᠡᠷᠡᠭᠯᠡᠬᠦ ᠪᠠᠷ ᠲᠥᠯᠥᠪᠯᠡᠵᠦ ᠪᠠᠶᠢᠨ᠎ᠠ᠃   ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ    ᠵᠠᠷᠯᠠᠨ ᠨᠡᠶᠢᠲᠡᠯᠡᠬᠦ ᠴᠠᠭ ᠨᠢ 2024 ᠣᠨ ᠤ 1 ᠰᠠᠷ᠎ᠠ ᠶᠢᠨ 29 ᠤ ᠡᠳᠦᠷ ᠠᠴᠠ 2024 ᠣᠨ ᠤ 2 ᠰᠠᠷ᠎ᠠ ᠶᠢᠨ 2 ᠤᠨ ᠡᠳᠦᠷ ᠪᠣᠯᠲᠠᠯ᠎ᠠ᠃    ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ    ᠨᠢᠭᠡᠴᠡ ᠪᠠ ᠬᠤᠪᠢ ᠬᠥᠮᠦᠨ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠤᠨ ᠲᠤᠬᠠᠶ ᠪᠠᠶᠢᠴᠠᠭᠠᠵᠤ ᠪᠣᠯᠬᠤ ᠭᠡᠷᠡᠴᠢ ᠬᠥᠮᠦᠨ ᠵᠢᠴᠢ ᠪᠤᠰᠤᠳ ᠬᠤᠯᠪᠣᠭᠳᠠᠯ ᠪᠦᠬᠦᠢ ᠰᠦᠪᠡᠭᠴᠢ ᠶᠢ ᠬᠠᠩᠭᠠᠬᠤ ᠬᠡᠷᠡᠭᠲᠡᠶ᠃ ᠪᠢᠳᠡ ᠠᠰᠠᠭᠤᠳᠠᠯ ᠢ ᠲᠤᠰᠬᠠᠭᠴᠢᠳ ᠵᠢᠴᠢ ᠲᠤᠰᠬᠠᠭᠰᠠᠨ ᠠᠰᠠᠭᠤᠳᠠᠯ ᠤᠨ ᠨᠢᠭᠤᠴᠠ ᠶᠢ ᠴᠢᠩᠭ᠋᠎ᠠ ᠬᠠᠮᠠᠭᠠᠯᠠᠨ᠎ᠠ᠃    ᠵᠠᠷᠯᠠᠨ ᠨᠡᠶᠢᠲᠡᠯᠡᠬᠦ ᠠᠯᠪᠠᠨ ᠬᠡᠷ ᠢ ᠨᠢᠩᠴᠧᠩ ᠰᠢᠶᠠᠨ ᠤ ᠨᠠᠮ ᠵᠠᠰᠠᠭ ᠤᠨ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠠᠯᠪᠠᠨ ᠠᠰᠠᠷ 1912  ᠲᠠᠰᠤᠭ ᠲᠤ ᠲᠣᠬᠢᠷᠠᠭᠤᠯᠪᠠ᠃    ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30 - 12᠄ 00᠂ ᠦᠳᠡ ᠶᠢᠨ ᠬᠤᠶᠢᠨ᠎ᠠ 14᠄ 30 - 17᠄ 30    ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵04776︶ 12380    ᠣᠨᠴᠠᠭᠠᠶᠢᠯᠠᠨ ᠵᠠᠷᠯᠠᠪᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠩᠴᠧᠩ ᠰᠢᠶᠠᠨ ᠤ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ    2024 ᠣᠨ ᠤ 1 ᠰᠠᠷ᠎ᠠ ᠶᠢᠨ 28 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号