| ᠨᠢᠭᠡ ᠳᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠳᠣᠲᠣᠷ᠎ᠠ ᠲᠠᠮᠢᠷ ᠢᠶᠠᠨ | ᠬᠠᠲᠠᠭᠤᠵᠢᠯᠲᠠᠢ ᠪᠤᠯᠪᠠᠰᠤᠷᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠠᠴᠠ ᠥᠨᠳᠥᠷ ᠪᠠᠶᠢᠷᠢᠨ ᠳᠤ | ᠲᠠᠯᠪᠢᠵᠤ᠂ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠤᠷᠢᠳ ᠢᠶᠠᠷ ᠵᠢᠯᠤᠭᠤᠳᠴᠤ᠂ | ᠠᠷᠪᠠᠨ ᠡᠳᠦᠷ ᠤᠨ ᠲᠣᠬᠢᠷᠠᠭᠤᠯᠭ᠎ᠠ ᠶᠢᠨ ᠲᠣᠭᠲᠠᠴᠠ ᠪᠠ ᠡᠭᠦᠷᠭᠡ ᠶᠢᠨ ᠡᠬᠡ ᠲᠠᠩᠰᠠ ᠶᠢ ᠪᠠᠶᠢᠭᠤᠯᠵᠤ᠂ ᠬᠢᠨᠠᠨ | ᠵᠢᠯᠤᠭᠤᠳᠴᠤ ᠪᠠᠶᠢᠴᠠᠭᠠᠬᠤ ᠪᠠ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠪᠡ᠃ ᠡᠭᠦᠨ ᠤ ᠵᠡᠷᠭᠡ ᠳᠤ ᠡᠩ ᠲᠡᠷᠢᠭᠦᠨ ᠳᠤ ᠪᠥᠬᠦ ᠬᠤᠲᠠ ᠳᠤ ᠤᠯᠤᠰ ᠲᠥᠷᠥ | ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ︽ᠡᠷᠬᠢᠨ ᠬᠠᠷᠠᠬᠤ︾ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠥᠬᠦ ᠠᠵᠢᠯᠲᠠᠨ ᠤ ︽ᠳᠥᠷᠪᠡᠨ ᠶᠠᠷᠢᠯᠴᠠᠭ᠎ᠠ︾᠂ ᠭᠤᠣᠯᠳᠠᠯᠭ᠎ᠠ ᠲᠠᠢ ᠬᠥᠮᠥᠰ ᠤᠨ ︽ | ᠤᠯᠤᠰ ᠲᠥᠷᠥ ᠶᠢᠨ ᠭᠡᠷ ᠤᠨ ᠰᠣᠷᠪᠤᠯᠵᠢᠯᠠᠭ᠎ᠠ︾ ᠶᠢ ᠱᠠᠲᠤ ᠬᠤᠪᠢᠶᠠᠨ ᠥᠷᠨᠢᠭᠦᠯᠵᠦ᠂ ᠡᠯ᠎ᠡ ᠵᠦᠢᠯ ᠤᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠳᠤ ᠬᠦᠴᠦ ᠨᠡᠮᠡᠷᠢᠯᠡᠪᠡ᠃ ᠣᠲᠣ ᠪᠣᠯᠲᠠᠯ᠎ᠠ ᠨᠢᠭᠡᠨᠲᠡ ᠳᠤᠭᠤᠶᠢᠯᠠᠩ ᠤᠨ | ᠠᠵᠢᠯ ᠤᠨ ᠬᠤᠷᠠᠯ᠂ ᠲᠤᠰᠬᠠᠢ ᠵᠦᠢᠯ ᠤᠨ ᠲᠣᠬᠢᠷᠠᠭᠤᠯᠤᠯᠲᠠ ᠶᠢᠨ ᠬᠤᠷᠠᠯ᠂ ᠰᠡᠷᠡᠮᠵᠢᠯᠡᠭᠦᠯᠬᠦ ᠬᠥᠮᠦᠵᠢᠯ ᠤᠨ ᠶᠡᠭᠡ | ᠬᠤᠷᠠᠯ ᠵᠡᠷᠭᠡ ᠬᠤᠷᠠᠯ ᠢ 10 ᠤᠳᠠᠭ᠎ᠠ ᠬᠤᠷᠠᠯᠳᠤᠭᠤᠯᠵᠤ᠂ 18 ᠤᠳᠠᠭ᠎ᠠ ᠪᠠᠶᠢᠴᠠᠭᠠᠨ ᠰᠤᠳᠤᠯᠵᠤ ᠬᠢᠨᠠᠨ | ᠵᠢᠯᠣᠭᠤᠳᠪᠠ᠃ | ᠬᠤᠶᠠᠷ ᠲᠤ᠂ ᠬᠦᠴᠦᠨ ᠢᠶᠠᠨ ᠲᠥᠪᠯᠡᠷᠡᠭᠦᠯᠦᠨ ᠡᠭᠦᠷᠭᠡᠯᠡᠨ ᠪᠣᠳᠠᠲᠠᠢ ᠠᠵᠢᠯᠯᠠᠵᠤ᠂ ᠨᠠᠷᠢᠨ ᠨᠢᠮᠪᠠᠢ ᠪᠥᠭᠡᠳ ᠨᠠᠷᠢᠨ | ᠨᠢᠮᠪᠠᠢ ᠠᠵᠢᠯᠯᠠᠪᠠ᠃ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠪᠠ ᠨᠡᠶᠢᠭᠡᠮ ᠤᠨ ᠣᠯᠠᠨ ᠨᠡᠶᠢᠲᠡ ᠶᠢᠨ | ᠠᠮᠤᠷ ᠲᠦᠪᠰᠢᠨ ᠤ ᠬᠤᠶᠠᠷ ᠬᠦᠷᠢᠶ᠎ᠡ ᠴᠠᠷᠠᠭ᠎ᠠ ᠶᠢ ᠨᠢᠭᠡᠳᠦᠯᠲᠡᠢ ᠲᠥᠯᠥᠪᠯᠡᠨ ᠡᠵᠡᠮᠳᠡᠵᠦ᠂ ᠤᠬᠠᠭᠤᠯᠭ᠎ᠠ ᠬᠥᠮᠦᠵᠢᠯ | ᠪᠣᠯᠪᠠᠰᠤᠷᠠᠭᠤᠯᠤᠯ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠳᠠᠯᠳᠠ ᠬᠡᠮ ᠢ ᠵᠠᠳᠠᠯᠤᠨ | ᠰᠤᠳᠤᠯᠵᠤ ᠮᠠᠭᠠᠳᠯᠠᠬᠤ᠂ ᠠᠰᠠᠭᠤᠳᠠᠯ ᠢ ᠨᠠᠷᠢᠯᠢᠭ ᠣᠨᠣᠴᠠᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ ᠪᠥᠬᠦ | ᠶᠠᠪᠤᠴᠠ ᠶᠢᠨ ᠪᠢᠲᠡᠭᠦᠦ ᠴᠠᠭᠠᠷᠢᠭ ᠬᠡᠯᠪᠡᠷᠢ ᠶᠢᠨ ᠬᠠᠮᠢᠶᠠᠷᠤᠯᠲᠠ ᠶᠢᠨ ᠵᠠᠭᠪᠤᠷ ᠢ ᠪᠦᠷᠢᠨᠰᠢᠭᠦᠯᠵᠦ᠂ ︽ᠴᠡᠪᠡᠷ | ᠰᠦᠯᠵᠢᠶ᠎ᠡ 2023︾ ︽ᠰᠤᠷᠭᠠᠭᠤᠯᠢ ᠶᠢ ᠬᠠᠮᠠᠭᠠᠯᠠᠨ ᠴᠡᠴᠡᠷᠯᠢᠭ ᠢ ᠠᠮᠤᠷᠵᠢᠭᠤᠯᠬᠤ︾ ᠵᠡᠷᠭᠡ ᠲᠤᠰᠬᠠᠢ | ᠠᠵᠢᠯᠯᠠᠭ᠎ᠠ ᠲᠠᠢ ᠤᠶᠠᠯᠳᠤᠭᠤᠯᠤᠨ᠂ ︽ᠱᠠᠲᠤ ᠬᠤᠪᠢᠶᠠᠨ ᠬᠤᠯᠪᠣᠭᠠᠯᠠᠵᠤ ᠤᠷᠢᠳᠴᠢᠯᠠᠨ ᠰᠡᠷᠡᠮᠵᠢᠯᠡᠭᠦᠯᠵᠦ | ᠰᠡᠷᠭᠡᠶᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ︾ ︽ᠣᠷᠭᠢᠯ ᠦᠶ᠎ᠡ ᠶᠢᠨ ᠠᠯᠪᠠᠨ ᠠᠵᠢᠯ︾ ᠵᠡᠷᠭᠡ ᠠᠵᠢᠯ ᠤᠨ | ᠲᠣᠭᠲᠠᠴᠠ ᠶᠢ ᠨᠠᠶᠢᠳᠠᠪᠤᠷᠢᠵᠢᠭᠤᠯᠪᠠ᠃ ᠵᠠᠰᠠᠭ ᠤᠨ ᠶᠠᠪᠤᠳᠠᠯ ᠳᠤ ᠬᠤᠯᠪᠣᠭᠳᠠᠭᠰᠠᠨ ᠴᠢᠬᠤᠯᠠ ᠶᠡᠭᠡ ᠬᠡᠷᠡᠭ᠂ | ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠬᠦᠨᠳᠦ ᠶᠡᠭᠡ ᠬᠡᠷᠡᠭ᠂ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠪᠠ | ᠦᠨᠳᠦᠰᠦᠲᠡᠨ ᠤ ᠠᠰᠠᠭᠤᠳᠠᠯ ᠳᠤ ᠬᠤᠯᠪᠣᠭᠳᠠᠭᠰᠠᠨ ᠬᠡᠷᠡᠭ᠂ ᠤᠯᠠᠨ ᠨᠡᠶᠢᠲᠡ ᠶᠢᠨ ᠠᠮᠤᠷ ᠲᠦᠪᠰᠢᠨ ᠤ ᠡ᠊ᠨᠳᠡᠯ ︽0 | ᠪᠠᠶᠢᠯᠭᠠᠬᠤ︾ ᠶᠢ ᠪᠡᠶᠡᠯᠡᠭᠦᠯᠪᠡ᠃ | ᠭᠤᠷᠪᠠ ᠳᠤ᠂ ᠵᠠᠳᠠᠯᠤᠯᠲᠠ ᠲᠠᠢ ᠰᠡᠳᠬᠢᠬᠦᠢ ᠶᠢ ᠴᠢᠩᠭᠠᠳᠬᠠᠵᠤ᠂ ᠭᠤᠣᠯᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠪᠡ᠃ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ᠂ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢ ᠪᠠᠬᠢᠵᠢᠭᠦᠯᠬᠦ᠂ ᠬᠠᠤᠯᠢ | ᠳᠦᠷᠢᠮᠵᠢᠭᠦᠯᠦᠭᠰᠡᠨ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠵᠡᠷᠭᠡ ᠭᠤᠣᠯᠳᠠᠯᠭ᠎ᠠ ᠲᠠᠢ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ︽ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ + ᠬᠠᠤᠯᠢ | ᠴᠠᠭᠠᠵᠠ ᠶᠢᠨ ᠦᠢᠯᠡᠴᠢᠯᠡᠭᠡ︾᠂ ︽ᠵᠠᠭᠠᠯᠳᠤᠬᠤ ᠠᠴᠠ ᠡᠮᠦᠨ᠎ᠡ ᠡᠶᠡᠳᠡᠭᠦᠯᠬᠦ + ᠬᠠᠤᠯᠢ ᠴᠠᠭᠠᠵᠠ ᠶᠢᠨ ᠨᠤᠲᠠᠯᠠᠯᠲᠠ︾᠂ | ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠵᠡᠷᠭᠡ ᠵᠠᠭᠪᠤᠷ ᠢ ᠡᠭᠦᠳᠦᠨ ᠪᠠᠶᠢᠭᠤᠯᠬᠤ ᠶᠢ ᠬᠠᠶᠢᠨ | ᠰᠦᠪᠡᠭᠴᠢᠯᠡᠵᠦ᠂ ︽ᠶᠡᠷᠦᠩᠬᠡᠶᠢᠯᠡᠨ ᠵᠠᠰᠠᠬᠤ ᠲᠥᠪ + ᠲᠣᠣᠷᠵᠢᠭᠤᠯᠤᠯᠳᠠ + ᠮᠡᠳᠡᠭᠡ ᠵᠠᠩᠭᠢᠵᠢᠯᠲᠠ︾ ᠶᠢᠨ | ᠵᠥᠷᠢᠴᠡᠯ ᠵᠢᠭᠤᠷᠠᠯᠳᠤᠭᠠᠨ ᠢ ᠠᠷᠢᠯᠭᠠᠵᠤ ᠡᠶᠡᠳᠡᠭᠦᠯᠦᠨ ᠰᠢᠢᠳᠪᠦᠷᠢᠯᠡᠬᠦ ᠲᠠᠪᠴᠠᠩ ᠪᠠ ︽ᠲᠥᠯᠥᠭᠡᠯᠡᠭᠴᠢ ᠭᠡᠰᠢᠭᠦᠨ | + ᠠᠷᠠᠳ ᠤᠨ ᠬᠠᠤᠯᠢ ᠶᠢᠨ ᠲᠤᠰᠢᠶᠠᠯᠲᠠᠨ︾ ᠤ ᠡᠶᠡᠳᠡᠭᠦᠯᠬᠦ ᠲᠣᠭᠲᠠᠴᠠ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠭᠦᠢᠴᠡᠳᠬᠡᠬᠦ ᠲᠤᠰᠬᠠᠢ | ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ᠣᠲᠣ ᠪᠣᠯᠲᠠᠯ᠎ᠠ᠂ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ | ᠬᠤᠯᠪᠣᠭᠳᠠᠭᠰᠠᠨ 77 ᠬᠡᠷᠡᠭ ᠢ ᠰᠢᠢᠳᠪᠦᠷᠢᠯᠡᠵᠦ ᠳᠠᠭᠤᠰᠬᠠᠨ᠂ 13 ᠬᠦᠴᠢᠷ ᠲᠦᠪᠡᠭᠲᠡᠢ ᠪᠤᠳᠤᠯᠢᠶᠠᠨᠲᠠᠢ ᠬᠡᠷᠡᠭ ᠢ | ᠰᠢᠢᠳᠪᠦᠷᠢᠯᠡᠵᠦ᠂ 4853 ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠵᠦ᠂ ᠡᠶᠡᠳᠡᠭᠦᠯᠦᠭᠡᠳ | ᠠᠮᠵᠢᠯᠲᠠ ᠣᠯᠣᠭᠰᠠᠨ ᠨᠣᠷᠮ᠎ᠠ ᠨᠢ 99.92% ᠪᠠᠶᠢᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ | 13455.28 ᠲᠦᠮᠡᠨ ᠲᠥᠭᠦᠷᠢᠭ ᠤᠨ ᠥᠷᠢ ᠥᠭᠴᠡᠭᠡ ᠶᠢ ᠪᠣᠳᠠᠲᠠᠢ ᠪᠠᠷ ᠭᠦᠢᠴᠡᠳᠭᠡᠪᠡ᠃ |