| ᠣᠶᠢᠷ᠎ᠠ ᠳᠤ᠂ 2024 ᠨᠢᠩᠴᠧᠩ ᠰᠢᠶᠠᠨ ᠤ ᠽᠢ ᠮᠧᠩ ᠬᠡᠦ ᠨᠠᠭᠤᠷ ᠤᠨ ᠡᠪᠦᠯ ᠤᠨ ᠠᠩᠨᠠᠯ ᠤᠨ | ᠵᠢᠭᠤᠯᠴᠢᠯᠠᠯ ᠤᠨ ᠨᠠᠶᠢᠷ ᠽᠢ ᠮᠧᠩ ᠬᠡᠦ ᠨᠠᠭᠤᠷ ᠤᠨ ᠦᠵᠡᠮᠵᠢ ᠶᠢᠨ ᠣᠷᠣᠨ ᠳᠤ ᠡᠬᠢᠯᠡᠪᠡ᠃ ᠡᠬᠢᠯᠡᠯᠲᠡ ᠶᠢᠨ | ᠶᠣᠰᠣᠯᠠᠯ ᠳᠡᠭᠡᠷ᠎ᠡ᠂ ᠨᠠᠭᠤᠷ ᠳᠠᠬᠢᠬᠤ᠂ ᠨᠡᠷᠡᠨ ᠳᠤ ᠮᠥᠷᠭᠦᠭᠦ᠂ ᠭᠠᠯ ᠤᠨ ᠲᠠᠬᠢᠯᠭ᠎ᠠ᠂ ᠲᠡᠷᠢᠭᠦᠨ ᠵᠢᠭᠠᠰᠤ ᠶᠢ | ᠦᠨ᠎ᠡ ᠬᠠᠶᠠᠨ ᠬᠤᠳᠠᠯᠳᠤᠬᠤ᠂ ᠤᠷᠠᠨ ᠰᠠᠶᠢᠬᠠᠨ ᠤ ᠲᠣᠭᠯᠠᠯᠲᠠ ᠨᠢ ᠥᠷᠭᠡᠨ ᠣᠯᠠᠨ ᠵᠤᠭᠠᠴᠠᠭᠰᠠᠳ ᠲᠤ ᠴᠣ᠋ | ᠰᠢᠨ᠎ᠡ ᠣᠶᠢᠯᠠᠭᠠᠯᠲᠠ ᠣᠯᠭᠤᠪᠠ᠃ ᠣᠶᠢᠷ᠎ᠠ ᠶᠢᠨ ᠵᠢᠯ ᠳᠤ᠂ ᠨᠢᠩᠴᠧᠩ ᠰᠢᠶᠠᠨ ᠤᠯᠤᠰ ᠤᠨ ᠪᠦᠬᠦ ᠣᠷᠣᠨ | ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ | ᠵᠤᠭᠠᠴᠠᠯ ᠤᠨ ︽ᠳᠥᠷᠪᠡᠨ ᠭᠠᠵᠠᠷ︾ ᠤᠨ ᠪᠠᠶᠢᠭᠤᠯᠤᠯᠲᠠ ᠶᠢ ᠲᠦᠷᠭᠡᠳᠬᠡᠵᠦ᠂ ᠲᠠᠷᠢᠶᠠᠯᠠᠩ ᠰᠣᠶᠣᠯ ᠪᠡᠶ᠎ᠡ ᠶᠢᠨ | ᠲᠠᠮᠢᠷ ᠵᠤᠭᠠᠴᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠳ᠋ᠣᠣ ᠰᠢᠦᠢ ᠭᠧᠦ ᠶᠢᠨ 5A ᠲᠠᠰ ᠤᠨ | ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠳ᠋ᠣᠣ ᠰᠢᠦᠢ ᠭᠧᠦ᠂ ᠽᠢ ᠮᠧᠩ | ᠬᠡᠦ ᠨᠠᠭᠤᠷ ᠵᠡᠷᠭᠡ ᠭᠤᠣᠯ ᠦᠵᠡᠮᠵᠢ ᠶᠢᠨ ᠣᠷᠣᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ | ᠵᠢᠭᠤᠯᠴᠢᠯᠠᠯ ᠤᠨ ᠢᠵᠢ ᠪᠦᠷᠢᠳᠦᠭᠦᠯᠬᠦ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠤᠯᠤᠰ ᠤᠨ | ᠳᠣᠲᠣᠭᠠᠳᠤ ᠶᠢᠨ ᠪᠠ ᠣᠯᠠᠨ ᠤᠯᠤᠰ ᠤᠨ ᠲᠣᠮᠣ ᠬᠡᠯᠪᠡᠷᠢ ᠶᠢᠨ ᠤᠰᠤᠨ ᠳᠡᠭᠡᠷᠡᠬᠢ ᠤᠷᠤᠯᠳᠤᠭᠠᠨ ᠢ | ᠢᠳᠡᠪᠬᠢᠲᠡᠢ ᠪᠠᠷ ᠳᠠᠭᠠᠭᠠᠨ ᠡᠷᠭᠢᠯᠡᠵᠦ᠂ ᠥᠪᠡᠷᠮᠢᠴᠡ ᠣᠨᠴᠠᠯᠢᠭ ᠲᠠᠢ᠂ ᠬᠢᠯᠠᠰ ᠴᠡᠭ ᠣᠯᠠᠨᠲᠠᠢ᠂ ᠳᠥᠷᠪᠡᠨ | ᠤᠯᠠᠷᠢᠯ ᠳᠤ ᠨᠡᠪᠲᠡᠷᠡᠭᠰᠡᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠨ᠂ ᠪᠥᠬᠦ ᠣᠷᠣᠨ ᠪᠦᠰᠡ ᠪᠠᠷ ᠢᠶᠠᠨ | ᠴᠥᠮ ᠦᠵᠡᠮᠵᠢ ᠲᠠᠢ᠂ ᠳᠥᠷᠪᠡᠨ ᠤᠯᠠᠷᠢᠯ ᠳᠤ ᠴᠥᠮ ᠵᠤᠭᠠᠴᠠᠵᠤ ᠪᠣᠯᠬᠤ ᠵᠢᠭᠤᠯᠴᠢᠯᠠᠯ ᠤᠨ ᠭᠠᠵᠠᠷ ᠢ ᠪᠥᠬᠦ | ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠯᠢᠶᠣᠤᠨᠢᠩ᠂ ᠾᠧᠪᠸᠢ ᠪᠣᠯᠣᠨ ᠬᠤᠳᠠ᠂ ᠰᠢᠶᠠᠨ ᠤ ᠲᠦᠮᠡ | ᠰᠢᠬᠠᠮ ᠵᠤᠭᠠᠴᠠᠭᠰᠠᠳ ᠤᠷᠤᠯᠴᠠᠪᠠ᠃ ᠲᠣᠰ ᠤᠳᠠᠭᠠᠨ ᠤ ᠡᠪᠦᠯ ᠤᠨ ᠵᠢᠭᠤᠯᠴᠢᠯᠠᠯ ᠤᠨ ᠪᠠᠶᠠᠷ 2 ᠰᠠᠷ᠎ᠠ ᠶᠢᠨ | 24 ᠤ ᠡᠳᠦᠷ ᠪᠣᠯᠲᠠᠯ᠎ᠠ ᠦᠷᠭᠦᠯᠵᠢᠯᠡᠨ᠎ᠡ᠃ | | | | | | | | | | |