ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠸᠠᠷ ᠫᠤᠤᠵᠢᠩ ᠤᠨ ᠵᠠᠬ᠎ᠠ ᠳᠡᠯᠭᠡᠭᠦᠷ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/1/9
  ᠴᠠᠭᠠᠨ ᠰᠠᠷ᠎ᠠ ᠣᠶᠢᠷᠠᠳᠴᠤ ᠪᠠᠶᠢᠭ᠎ᠠ ᠦᠶ᠎ᠡ ᠳᠤ᠂ ᠬᠤᠸᠠᠷ ᠫᠤᠤᠵᠢᠩ ᠤᠨ ᠡᠵᠡᠩᠨᠡᠯᠲᠡ ᠬᠥᠭᠵᠢᠶᠡᠨᠲᠡᠢ ᠤᠯᠠᠷᠢᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠸᠠᠷ ᠫᠤᠤᠵᠢᠩ ᠤᠨ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠪᠥᠬᠦ ᠰᠢᠶᠠᠨ ᠤ ᠥᠷᠭᠡᠨ ᠣᠯᠠᠨ ᠬᠡᠷᠡᠭᠯᠡᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂  ᠤᠶᠢᠷ᠎ᠠ ᠶᠢᠨ ᠡᠳᠦᠷ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠸᠠᠷ ᠫᠤᠤᠵᠢᠩ ᠤᠨ ᠵᠠᠬ᠎ᠠ ᠳᠡᠯᠭᠡᠭᠦᠷ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃   ᠲᠣᠰ ᠤᠳᠠᠭᠠᠨ ᠤ ᠪᠠᠶᠢᠴᠠᠭᠠᠯᠲᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠠᠷᠢᠶᠠᠲᠤ ᠣᠷᠣᠨ ᠤ ᠡᠯ᠎ᠡ ᠬᠤᠸᠠᠷ ᠫᠤᠤᠵᠢᠩ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ᠂ ᠲᠥᠪᠯᠡᠷᠡᠭᠦᠯᠦᠨ ᠪᠣᠷᠣᠯᠠᠭᠤᠯᠬᠤ ᠵᠠᠬ᠎ᠠ ᠳᠡᠯᠭᠡᠭᠦᠷ᠂ ᠬᠥᠳᠡᠭᠡ ᠲᠣᠰᠬᠤᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠢᠶᠠᠷ ᠭᠤᠣᠯᠳᠠᠯᠭ᠎ᠠ ᠲᠠᠢ ᠲᠠᠯᠠᠪᠤᠷ ᠭᠠᠵᠠᠷ ᠪᠣᠯᠭᠠᠵᠤ᠂ ᠳᠠᠮᠵᠢᠭᠤᠯᠤᠨ ᠪᠣᠷᠣᠯᠠᠭᠤᠯᠬᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠢᠷᠢ ᠬᠡᠮ ᠢ ᠪᠠᠶᠢᠴᠠᠭᠠᠵᠤ᠂ ︽ᠡᠵᠡᠩᠨᠡᠯᠲᠡ ᠶᠢᠨ ᠦᠨᠡᠮᠯᠡᠯ︾ ︽ᠬᠤᠸᠠᠷ ᠫᠤᠤᠵᠢᠩ ᠡᠵᠡᠩᠨᠡᠬᠦ ︵ᠵᠢᠵᠢᠭᠯᠡᠨ ᠬᠤᠳᠠᠯᠳᠤᠬᠤ︶ ᠵᠥᠪᠰᠢᠶᠡᠷᠡᠯ ᠤᠨ ᠦᠨᠡᠮᠯᠡᠯ︾ ᠣᠯᠣᠭᠰᠠᠨ ᠡᠰᠡᠬᠦ᠂ ᠪᠠᠷᠠᠭ᠎ᠠ ᠣᠷᠣᠭᠤᠯᠵᠤ ᠪᠣᠷᠣᠯᠠᠭᠤᠯᠬᠤ ᠡᠬᠡ ᠲᠠᠩᠰᠠ ᠪᠠᠶᠢᠭᠤᠯᠤᠭᠰᠠᠨ ᠡᠰᠡᠬᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ᠂ ᠪᠣᠷᠣᠯᠠᠭᠤᠯᠵᠤ ᠪᠠᠶᠢᠭ᠎ᠠ ᠬᠤᠸᠠᠷ ᠫᠤᠤᠵᠢᠩ ᠨᠢ ᠤᠯᠤᠰ ᠤᠨ ᠬᠡᠷᠡᠭᠵᠢᠭᠦᠯᠬᠦ ᠪᠠᠷᠢᠮᠵᠢᠶ᠎ᠠ ᠳᠤ ᠨᠡᠶᠢᠴᠡᠬᠦ ᠡᠰᠡᠬᠦ᠂ ᠦᠢᠯᠡᠳᠬᠦᠨ ᠤ ᠲᠡᠰ ᠢ ᠲᠣᠳᠣᠷᠬᠠᠶᠢᠯᠠᠭᠰᠠᠨ ᠡᠰᠡᠬᠦ᠂ ᠬᠢᠷᠢ ᠲᠡᠩᠴᠡᠭᠰᠡᠨ ᠲᠡᠮᠳᠡᠭ ᠪᠠᠶᠢᠬᠤ ᠡᠰᠡᠬᠦ᠂ ᠴᠢᠨᠠᠷ ᠢ ᠪᠠᠲᠤᠯᠠᠬᠤ ᠬᠤᠭᠤᠴᠠᠭᠠᠨ ᠳᠤ ᠪᠠᠶᠢᠬᠤ ᠡᠰᠡᠬᠦ ᠶᠢ ᠪᠠᠶᠢᠴᠠᠭᠠᠪᠠ᠃ ᠡᠭᠦᠨ ᠤ ᠬᠠᠮᠲᠤ᠂ ᠳᠠᠮᠵᠢᠭᠤᠯᠤᠨ ᠪᠣᠷᠣᠯᠠᠭᠤᠯᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠬᠠᠤᠯᠢ ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ ᠵᠢᠩᠬᠢᠨᠢ ᠬᠤᠸᠠᠷ ᠫᠤᠤᠵᠢᠩ ᠬᠤᠳᠠᠯᠳᠤᠨ ᠠᠪᠴᠤ᠂ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠬᠤᠸᠠᠷ ᠫᠤᠤᠵᠢᠩ ᠬᠠᠳᠠᠭᠠᠯᠠᠬᠤ ᠲᠠᠸᠠᠷ ᠢ ᠠᠮᠤᠷ ᠲᠦᠪᠰᠢᠨ ᠤ ᠵᠢᠷᠤᠮᠵᠢᠯ ᠲᠠᠢ ᠬᠠᠳᠠᠭᠠᠯᠠᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢ ᠱᠠᠭᠠᠷᠳᠠᠪᠠ᠃  ᠣᠲᠣ ᠪᠣᠯᠲᠠᠯ᠎ᠠ᠂ ᠬᠤᠸᠠᠷ ᠫᠤᠤᠵᠢᠩ ᠡᠵᠡᠩᠨᠡᠨ ᠪᠣᠷᠣᠯᠠᠭᠤᠯᠬᠤ 56 ᠠᠵᠤ ᠠᠬᠤᠶᠢᠯᠠᠯ ᠢ ᠪᠠᠶᠢᠴᠠᠭᠠᠵᠤ᠂ ᠪᠣᠷᠣᠯᠠᠭᠤᠯᠤᠭᠰᠠᠨ ᠪᠠᠷᠠᠭᠠᠨ ᠤ ᠡᠬᠡ ᠲᠠᠩᠰᠠ ᠶᠢᠨ ᠲᠡᠮᠳᠡᠭᠯᠡᠯ ᠨᠢ ᠵᠢᠷᠤᠮᠵᠢᠯ ᠦᠭᠡᠢ 1 ᠠᠵᠤ ᠠᠬᠤᠶᠢᠯᠠᠯ ᠢ ᠢᠯᠡᠷᠡᠭᠦᠯᠦᠭᠰᠡᠨ ᠪᠥᠭᠡᠳ ᠥᠭᠡᠷᠡᠴᠢᠯᠡᠨ ᠰᠠᠶᠢᠵᠢᠷᠠᠭᠤᠯᠬᠤ ᠪᠠᠷ ᠵᠠᠷᠯᠢᠭᠳᠠᠵᠠᠢ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠸᠠᠷ ᠫᠤᠤᠵᠢᠩ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠵᠡᠩᠨᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠦᠢᠯᠡᠳᠬᠦᠨ ᠤ ︽ᠶᠠᠰᠤ ᠴᠢᠨᠠᠷ ᠤᠨ ᠪᠣᠭᠤᠮᠲᠠ︾ ᠶᠢ ᠴᠢᠩᠭ᠎ᠠ ᠠᠳᠬᠤᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠨᠢᠩᠴᠧᠩ ᠰᠢᠶᠠᠨ ᠤ ᠬᠤᠸᠠᠷ ᠫᠤᠤᠵᠢᠩ ᠤᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号