ᠨᠢᠩᠴᠧᠩ ᠰᠢᠶᠠᠨ ᠴᠠᠬᠢᠯᠭᠠᠨ ᠱᠠᠲᠤ ᠬᠡᠷᠩᠯᠡᠭᠡ ᠨᠢᠭᠡᠴᠡ ᠶᠢᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠤᠯᠤᠨ ᠠᠮᠤᠷ ᠲᠦᠪᠰᠢᠨ ᠤ ᠠᠵᠢᠯᠲᠠᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠪᠡ
ᠨᠡᠶᠢᠲᠡᠯᠡᠭᠰᠡᠨ ᠴᠠᠭ᠄
2024/10/12
    ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠲᠣᠭᠲᠠᠭᠠᠯ︾ ︵ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ 74 ᠳ᠋ᠦ᠋ᠭᠡᠷ ᠲᠣᠭᠠᠲᠤ ᠵᠠᠷᠯᠢᠭ︶ ᠢ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠠᠮᠤᠷ ᠲᠦᠪᠰᠢᠨ ᠤ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠪᠣᠳᠠᠲᠤ ᠪᠠᠶᠢᠯᠳᠤᠭᠠᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ᠴᠠᠬᠢᠯᠭᠠᠨ ᠱᠠᠲᠤ ᠬᠡᠷᠡᠭᠯᠡᠬᠦ ᠨᠢᠭᠡᠴᠡ ᠶᠢᠨ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠠᠮᠤᠷ ᠲᠦᠪᠰᠢᠨ ᠤ ᠠᠵᠢᠯᠲᠠᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠪᠡ᠃    ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠠᠭᠤᠯᠭ᠎ᠠ ᠨᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ᠂ ᠬᠠᠮᠢᠶᠠᠷᠤᠯᠲᠠ ᠶᠢᠨ ᠲᠦᠷᠢᠮ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠲᠠᠯ᠎ᠠ ᠲᠠᠢ ᠬᠤᠯᠪᠤᠬᠳᠠᠵᠦ᠂ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠠᠮᠤᠷ ᠲᠦᠪᠰᠢᠨ ᠤ ᠠᠵᠢᠯᠲᠠᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠰᠬᠠᠶ ᠮᠡᠷᠭᠡᠵᠢᠯ ᠤᠨ ᠠᠮᠤᠷ ᠲᠦᠪᠰᠢᠨ ᠤ ᠮᠡᠳᠡᠯᠭᠡ ᠶᠢ ᠡᠵᠡᠮᠰᠢᠭᠰᠡᠨ ᠪᠠᠶᠢᠳᠠᠯ ᠢ ᠪᠥᠬᠦ ᠲᠠᠯ᠎ᠠ ᠪᠠᠷ ᠰᠢᠯᠭᠠᠨ ᠪᠠᠶᠢᠴᠠᠭᠠᠪᠡ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠠᠮᠤᠷ ᠲᠦᠪᠰᠢᠨ ᠤ ᠠᠵᠢᠯᠲᠠᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠥᠷᠨᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠠᠵᠢᠯᠲᠠᠨ ᠵᠡᠷᠭᠡ ᠵᠠᠩᠭᠢᠯᠠᠭ᠎ᠠ ᠶᠢᠨ ᠴᠥᠭᠡᠨ ᠲᠣᠭᠠᠨ ᠤ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠠᠮᠤᠷ ᠲᠦᠪᠰᠢᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃    ᠣᠲᠣ ᠪᠣᠯᠲᠠᠯ᠎ᠠ᠂ ᠴᠠᠬᠢᠯᠭᠠᠨ ᠱᠠᠲᠤ ᠬᠡᠷᠡᠭᠯᠡᠬᠦ 42 ᠨᠢᠭᠡᠴᠡ᠂ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠠᠮᠤᠷ ᠲᠦᠪᠰᠢᠨ ᠤ ᠠᠵᠢᠯᠲᠠᠨ ᠨᠡᠶᠢᠲᠡ 80 ᠭᠠᠷᠤᠶ ᠬᠥᠮᠦᠨ ᠳᠤ ᠬᠢᠨᠠᠯᠲᠠ  ᠲᠡᠯᠪᠢᠪᠡ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢ ᠦᠷᠭᠦᠯᠵᠢᠯᠡᠨ ᠱᠠᠯᠠᠪᠳᠠᠭᠤᠯᠤᠨ ᠵᠢᠯᠣᠭᠤᠳᠴᠤ ᠪᠠᠶᠢᠭᠠᠳ ᠠᠮᠤᠷ ᠲᠦᠪᠰᠢᠨ ᠤ ᠶᠡᠷᠦᠩᠬᠡᠢ ᠬᠢᠨᠠᠭᠴᠢ᠂ ᠠᠮᠤᠷ ᠲᠦᠪᠰᠢᠨ ᠤ ᠠᠵᠢᠯ ᠤᠨ ᠪᠠᠶᠢᠷᠢ ᠶᠢᠨ ᠬᠥᠮᠦᠵᠢᠯ ᠪᠣᠯᠪᠠᠰᠤᠷᠠᠯ᠂ ᠰᠢᠯᠭᠠᠯᠲᠠ ᠶᠢ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢ ᠠᠶᠤᠯ ᠲᠦᠭᠰᠢᠭᠦᠷᠢ ᠠᠴᠠ ᠡᠮᠦᠨ᠎ᠡ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ  ᠰᠠᠬᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号