| ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮᠤᠷ ᠤᠨ ᠬᠤᠷᠢᠶᠠᠯᠲᠠ ᠶᠢᠨ | ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠰᠢᠶᠠᠨ᠂ ᠪᠠᠯᠭᠠᠰᠤ ︵ᠰᠢᠶᠠᠩ ᠪᠠᠯᠭᠠᠰᠤ︶ | ᠬᠤᠶᠠᠷ ᠱᠠᠲᠤᠨ ᠤ ᠵᠠᠰᠠᠭ ᠤᠨ ᠣᠷᠳᠣᠨ ᠨᠠᠮᠤᠷ ᠤᠨ ᠬᠤᠷᠢᠶᠠᠯᠲᠠ ᠶᠢᠨ ᠪᠠᠶᠢᠳᠠᠯ ᠢ ᠤᠷᠢᠳᠴᠢᠯᠠᠨ ᠰᠤᠳᠤᠯᠤᠨ | ᠮᠠᠭᠠᠳᠯᠠᠵᠤ᠂ ᠨᠠᠮᠤᠷ ᠤᠨ ᠬᠤᠷᠢᠶᠠᠯᠲᠠ ᠶᠢ ᠪᠠᠲᠤᠯᠠᠬᠤ᠂ ᠨᠠᠮᠤᠷ ᠤᠨ ᠬᠤᠷᠢᠶᠠᠯᠲᠠ ᠶᠢ ᠲᠣᠭᠲᠠᠪᠤᠷᠢᠵᠢᠭᠤᠯᠬᠤ | ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠡᠨᠡ ᠵᠢᠯ ᠤᠨ ᠨᠠᠮᠤᠷ ᠤᠨ ᠬᠤᠷᠢᠶᠠᠯᠲᠠ ᠶᠢᠨ ᠠᠵᠢᠯ ᠢ ᠦᠨᠡᠨ | ᠬᠦ ᠴᠢᠩᠭ᠎ᠠ ᠠᠳᠬᠤᠵᠤ᠂ ᠨᠠᠮᠤᠷ ᠤᠨ ᠠᠮᠤ ᠪᠤᠳᠠᠭ᠎ᠠ ᠶᠢ ᠬᠥᠮᠥᠷᠭᠡ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ | ᠤᠳᠤᠷᠢᠳᠬᠤ ᠺᠠᠳ᠋ᠷᠴᠤᠳ ᠬᠡᠰᠡᠭ ᠳᠠᠭᠠᠭᠠᠴᠢᠯᠠᠨ ᠲᠣᠰᠬᠤᠨ ᠢ ᠳᠠᠭᠠᠭᠠᠴᠢᠯᠠᠬᠤ ᠳᠦᠷᠢᠮ ᠢ ᠬᠡᠷᠡᠭᠵᠢᠭᠦᠯᠵᠦ᠂ | ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠣᠭᠤᠳᠴᠤ᠂ ᠬᠤᠷᠢᠶᠠᠯᠲᠠ ᠶᠢᠨ ᠠᠬᠢᠴᠠ ᠶᠢ ᠡᠵᠡᠮᠰᠢᠵᠦ᠂ ᠤᠯᠠᠨ | ᠲᠦᠮᠡᠨ ᠤ ᠨᠠᠮᠤᠷ ᠤᠨ ᠬᠤᠷᠢᠶᠠᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ | ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠨᠠᠮᠤᠷ ᠤᠨ ᠬᠤᠷᠢᠶᠠᠯᠲᠠ ᠶᠢᠨ ᠠᠵᠢᠯ ᠢ ᠡᠮᠬᠢ ᠴᠡᠭᠴᠡ ᠲᠠᠢ | ᠥᠷᠨᠢᠭᠦᠯᠬᠦ ᠶᠢ ᠪᠠᠲᠤᠯᠠᠨ᠎ᠠ᠃ | ᠬᠤᠶᠠᠷ ᠲᠤ᠂ ᠠᠮᠤᠷ ᠲᠦᠪᠰᠢᠨ ᠤ ᠤᠬᠠᠭᠤᠯᠭ᠎ᠠ ᠶᠢ ᠴᠢᠩᠭᠠᠳᠬᠠᠵᠤ᠂ ᠨᠠᠮᠤᠷ ᠤᠨ ᠬᠤᠷᠢᠶᠠᠯᠲᠠ ᠶᠢᠨ ᠠᠵᠢᠯ ᠤᠨ | ᠠᠮᠤᠷ ᠲᠦᠪᠰᠢᠨ ᠢᠶᠠᠷ ᠶᠠᠪᠤᠭᠳᠠᠬᠤ ᠶᠢ ᠪᠠᠲᠤᠯᠠᠨ᠎ᠠ᠃ ᠸᠢᠴᠠᠲ ᠤᠨ ᠴᠤᠭᠯᠠᠷᠠᠯ᠂ ᠪᠦᠷᠢᠶ᠎ᠡ᠂ ᠡᠯᠭᠦᠭᠡ ᠪᠢᠴᠢᠭᠡᠰᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠮᠤᠷ ᠤᠨ ᠬᠤᠷᠢᠶᠠᠯᠲᠠ ᠶᠢᠨ ᠴᠠᠬᠢᠯᠭᠠᠨ ᠬᠡᠷᠡᠭᠯᠡᠬᠦ᠂ ᠭᠠᠯ ᠰᠡᠷᠭᠡᠶᠢᠯᠡᠬᠦ᠂ | ᠲᠠᠷᠢᠶᠠᠯᠠᠩ ᠤᠨ ᠮᠠᠰᠢᠨ ᠪᠠᠭᠠᠵᠢ ᠶᠢᠨ ᠬᠡᠷᠡᠭᠯᠡᠯᠲᠡ ᠵᠡᠷᠭᠡ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠵᠤ᠂ | ᠨᠠᠮᠤᠷ ᠤᠨ ᠬᠤᠷᠢᠶᠠᠯᠲᠠ ᠶᠢᠨ ᠬᠤᠭᠤᠴᠠᠭᠠᠨ ᠳᠠᠬᠢ ᠤᠯᠠᠨ ᠲᠦᠮᠡᠨ ᠤ ︽ᠭᠠᠯ ᠰᠡᠷᠭᠡᠶᠢᠯᠡᠬᠦ︾ ᠤᠬᠠᠮᠰᠠᠷ ᠢ | ᠳᠡᠭᠡᠭᠰᠢᠯᠡᠭᠦᠯᠵᠦ᠂ ᠨᠠᠮᠤᠷ ᠤᠨ ᠬᠤᠷᠢᠶᠠᠯᠲᠠ ᠶᠢᠨ ᠬᠤᠭᠤᠴᠠᠭᠠᠨ ᠳᠤ ᠭᠠᠯ ᠤᠨ ᠠᠶᠤᠯ ᠵᠡᠷᠭᠡ ᠠᠮᠤᠷ ᠲᠦᠪᠰᠢᠨ ᠤ | ᠠᠳᠡᠯ ᠭᠠᠷᠬᠤ ᠶᠢ ᠬᠤᠷᠢᠭᠯᠠᠵᠤ᠂ ᠨᠠᠮᠤᠷ ᠤᠨ ᠬᠤᠷᠢᠶᠠᠯᠲᠠ ᠶᠢᠨ ᠠᠮᠤᠷ ᠲᠦᠪᠰᠢᠨ ᠢ ᠴᠢᠩᠭᠠᠳᠬᠠᠨ᠎ᠠ᠃ ᠨᠠᠮᠤᠷ ᠤᠨ | ᠬᠤᠷᠢᠶᠠᠯᠲᠠ ᠶᠢᠨ ᠴᠠᠭ ᠠᠭᠤᠷ ᠤᠨ ᠲᠤᠬᠠᠶ ᠲᠤᠰᠬᠠᠶ ᠮᠡᠳᠡᠭᠦᠯᠦᠯᠲᠡ ᠶᠢ ᠨᠡᠶᠢᠲᠡᠯᠡᠵᠦ ᠲᠠᠷᠢᠶᠠᠴᠢᠨ ᠡᠷᠦᠬᠡ ᠳᠤ ᠴᠠᠭ | ᠠᠭᠤᠷ ᠤᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠭᠦᠯᠵᠦ᠂ ᠬᠥᠳᠡᠯᠮᠦᠷᠢᠯᠡᠬᠦ ᠴᠠᠭ ᠪᠠ ᠨᠠᠷᠠᠨ ᠳᠤ | ᠡᠭᠡᠭᠡᠬᠦ ᠴᠠᠭ ᠤᠨ ᠴᠠᠭ ᠢ ᠵᠦᠶ ᠵᠣᠬᠢᠰᠲᠠᠶ ᠲᠣᠬᠢᠷᠠᠭᠤᠯᠵᠤ᠂ ᠠᠮᠤᠷ ᠲᠦᠪᠰᠢᠨ᠂ ᠴᠠᠭ ᠲᠤᠬᠠᠶ ᠳᠤᠨᠢ᠂ ᠥᠨᠳᠥᠷ | ᠪᠦᠲᠦᠮᠵᠢᠲᠡᠶ ᠪᠠᠷ ᠬᠠᠳᠤᠵᠤ ᠬᠤᠷᠢᠶᠠᠬᠤ ᠶᠢ ᠦᠨᠡᠨᠬᠦ ᠪᠠᠲᠤᠯᠠᠵᠤ᠂ ᠬᠤᠬᠢᠷᠠᠯ ᠡᠭᠦᠰᠬᠦ ᠠᠴᠠ ᠰᠡᠷᠭᠡᠶᠢᠯᠡᠨ᠎ᠡ᠃ | ᠭᠤᠷᠪᠠ ᠳᠤ᠂ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠨᠠᠮᠤᠷ ᠤᠨ ᠬᠤᠷᠢᠶᠠᠯᠲᠠ ᠶᠢᠨ ᠠᠵᠢᠯ ᠤᠨ | ᠴᠢᠨᠠᠷ ᠰᠠᠶᠢᠲᠠᠢ ᠶᠠᠪᠤᠭᠳᠠᠬᠤ ᠶᠢ ᠪᠠᠲᠤᠯᠠᠨ᠎ᠠ᠃ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ | ᠲᠠᠷᠢᠶᠠᠨ ᠭᠠᠵᠠᠷ ᠲᠤ ᠬᠦᠨᠵᠡᠭᠡᠶᠢᠷᠡᠭᠦᠯᠦᠨ ᠲᠠᠷᠢᠶᠠᠯᠠᠩ ᠤᠨ ᠮᠠᠰᠢᠨ ᠪᠠᠭᠠᠵᠢ ᠶᠢᠨ ᠬᠡᠷᠡᠭᠯᠡᠯᠲᠡ ᠶᠢ ᠵᠢᠯᠣᠭᠤᠳᠴᠤ᠂ | ᠲᠠᠷᠢᠶᠠᠯᠠᠩ ᠤᠨ ᠮᠠᠰᠢᠨ ᠪᠠᠭᠠᠵᠢ ᠶᠢᠨ ᠬᠡᠷᠡᠭᠯᠡᠯᠲᠡ᠂ ᠰᠡᠯᠪᠢᠨ ᠵᠠᠰᠠᠯᠲᠠ ᠪᠠ ᠠᠷᠠᠴᠢᠯᠠᠨ ᠬᠠᠮᠠᠭᠠᠯᠠᠬᠤ ᠮᠡᠳᠡᠯᠭᠡ ᠶᠢ | ᠲᠠᠶᠢᠯᠪᠤᠷᠢᠯᠠᠵᠤ᠂ ᠲᠠᠷᠢᠶᠠᠯᠠᠩ ᠤᠨ ᠮᠠᠰᠢᠨ ᠤ ᠠᠵᠢᠯᠲᠠᠨ ᠢ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠪᠠᠷᠢᠮᠵᠢᠶ᠎ᠠ ᠶᠢ | ᠴᠢᠩᠭ᠎ᠠ ᠬᠡᠷᠡᠭᠵᠢᠭᠦᠯᠵᠦ᠂ ᠠᠵᠢᠯ ᠤᠨ ᠶᠠᠰᠤ ᠴᠢᠨᠠᠷ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠲᠠᠷᠢᠮᠠᠯ ᠤᠨ | ᠪᠣᠯᠪᠠᠰᠤᠷᠠᠩᠭᠤᠶ ᠪᠠᠶᠢᠳᠠᠯ᠂ ᠡᠪᠡᠳᠴᠢᠨ ᠬᠤᠷᠣᠬᠠᠶ ᠡᠪᠡᠰᠦᠨ ᠤ ᠭᠠᠮᠰᠢᠭ ᠡᠭᠦᠰᠦᠭᠰᠡᠨ ᠪᠠᠶᠢᠳᠠᠯ ᠵᠡᠷᠭᠡ ᠳᠤ | ᠴᠢᠭᠯᠡᠭᠦᠯᠦᠨ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠣᠯᠭ᠎ᠠ ᠥᠷᠨᠢᠭᠦᠯᠵᠦ᠂ ᠴᠠᠭ ᠠᠭᠤᠷ ᠤᠨ ᠰᠠᠯᠠᠭ᠎ᠠ | ᠮᠥᠴᠢᠷ ᠤᠨ ᠨᠡᠶᠢᠲᠡᠯᠡᠭᠰᠡᠨ ᠴᠠᠭ ᠠᠭᠤᠷ ᠤᠨ ᠮᠡᠳᠡᠭᠡ ᠵᠠᠩᠭᠢ ᠶᠢ ᠦᠨᠳᠦᠰᠦᠯᠡᠨ᠂ ᠲᠠᠷᠢᠶᠠᠴᠢᠳ ᠢ ᠵᠢᠯᠣᠭᠤᠳᠤᠨ | ᠴᠠᠭ ᠲᠤᠨᠢ ᠳᠣᠭᠢᠷᠠᠭᠤᠯᠤᠨ ᠬᠤᠷᠢᠶᠠᠵᠤ᠂ ᠲᠠᠷᠢᠮᠠᠯ ᠤᠨ ᠤᠨᠠᠯᠲᠠ ᠶᠢ ᠳᠡᠭᠡᠭᠰᠢᠯᠡᠭᠦᠯᠬᠦ ᠶᠢᠨ ᠬᠠᠮᠲᠤ ᠡᠷᠦᠬᠡ ᠳᠤ | ᠬᠦᠷᠴᠦ᠂ ᠲᠠᠷᠢᠶᠠᠴᠢᠳ ᠤᠨ ᠡᠰᠢ ᠰᠦᠷᠡᠯ ᠢ ᠳᠤᠷ᠎ᠠ ᠪᠠᠷ ᠢᠶᠠᠨ ᠰᠢᠲᠠᠭᠠᠬᠤ ᠠᠵᠢᠯᠯᠠᠭ᠎ᠠ ᠶᠢ ᠴᠢᠩᠭ᠎ᠠ ᠬᠢᠨᠠᠨ | ᠬᠠᠮᠢᠶᠠᠷᠴᠤ᠂ ᠡᠰᠢ ᠰᠦᠷᠡᠯ ᠢ ᠰᠢᠲᠠᠭᠠᠬᠤ ᠪᠠ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠤᠬᠠᠭᠤᠯᠬᠤ ᠪᠠ | ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠡᠷᠳᠡᠨᠢ ᠰᠢᠰᠢ ᠶᠢᠨ ᠡᠰᠢ ᠰᠦᠷᠡᠯ ᠢ ᠬᠠᠳᠠᠭᠠᠯᠠᠬᠤ᠂ ᠪᠣᠭᠤᠳᠠᠯᠯᠠᠬᠤ᠂ | ᠲᠠᠷᠢᠶᠠᠨ ᠳᠤ ᠪᠤᠴᠠᠭᠠᠬᠤ ᠵᠡᠷᠭᠡ ᠶᠢ ᠰᠠᠨᠠᠭᠠᠴᠢᠯᠠᠨ᠎ᠠ᠃ ᠣᠲᠣ ᠪᠣᠯᠲᠠᠯ᠎ᠠ᠂ ᠪᠥᠬᠦ ᠰᠢᠶᠠᠨ ᠢᠶᠠᠷ ᠢᠶᠠᠨ 75 ᠲᠦᠮᠡᠨ | ᠮᠥ ᠠᠮᠤ ᠪᠤᠳᠠᠭᠠᠨ ᠤ ᠲᠠᠷᠢᠮᠠᠯ ᠬᠤᠷᠢᠶᠠᠵᠤ᠂ ᠡᠭᠦᠨ ᠳᠤ ᠡᠷᠳᠡᠨᠢ ᠰᠢᠰᠢ 40 ᠲᠦᠮᠡᠨ ᠮᠥ᠂ ᠰᠢᠰᠢ 20 ᠲᠦᠮᠡᠨ | ᠮᠥ᠂ ᠨᠠᠷᠢᠮᠤ 10 ᠲᠦᠮᠡᠨ ᠮᠥ ᠪᠣᠶ᠃ ᠪᠤᠭᠤᠳᠠᠢ᠂ ᠲᠥᠮᠥᠰᠥ᠂ ᠰᠢᠷ᠎ᠠ ᠪᠤᠷᠴᠠᠭ ᠢ ᠨᠢᠭᠡᠨᠲᠡ ᠪᠦᠬᠦᠨ ᠢ | ᠬᠤᠷᠢᠶᠠᠵᠠᠢ᠃ |