| ᠨᠢᠭᠡ ᠳᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠭᠦᠨᠵᠡᠭᠡᠢ ᠬᠢᠪᠡ᠃ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠳᠤ ᠰᠠᠭᠤᠷᠢᠯᠠᠨ᠂ ᠠᠯᠪᠠᠨ ᠵᠠᠷ ᠨᠡᠶᠢᠲᠡᠯᠡᠵᠦ ᠥᠷᠭᠡᠨ ᠢᠶᠠᠷ | ᠰᠠᠨᠠᠯ ᠰᠠᠨᠠᠭᠤᠯᠭ᠎ᠠ ᠬᠤᠷᠢᠶᠠᠬᠤ᠂ ︽ᠰᠢᠬᠢᠳᠬᠦ ᠮᠠᠶ᠋ᠢᠭ︾ ᠢᠶᠠᠷ ᠰᠤᠷᠪᠤᠯᠵᠢᠯᠠᠬᠤ ᠶᠠᠷᠢᠯᠴᠠᠬᠤ ᠬᠤᠷᠠᠯ᠂ ︽ | ᠪᠢᠯᠵᠤᠤᠬᠠᠢ ᠶᠢ ᠲᠤᠶᠠᠴᠢᠬᠤ ᠮᠠᠶ᠋ᠢᠭ︾ ᠢᠶᠠᠷ ᠠᠰᠠᠭᠤᠳᠠᠯ ᠢ ᠵᠠᠳᠠᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ | ᠡᠰᠡᠷᠭᠦᠴᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ᠵᠡᠷᠭᠡ ᠪᠠᠶᠢᠳᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠠᠯ᠎ᠠ ᠪᠠᠷ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ︽ᠬᠠᠳᠠᠭᠠᠰᠤ | ᠬᠠᠳᠠᠬᠤ︾ ᠵᠣᠷᠢᠭ ᠰᠠᠨᠠᠭ᠎ᠠ ᠪᠠᠷ ᠠᠰᠠᠭᠤᠳᠠᠯ ᠢ ᠰᠢᠢᠳᠪᠦᠷᠢᠯᠡᠵᠦ᠂ ᠬᠢᠨᠠᠯᠲᠠ ᠲᠠᠯᠪᠢᠵᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ ᠬᠢᠵᠦ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢ | ᠠᠬᠢᠭᠤᠯᠬᠤ᠂ ᠠᠵᠢᠯ ᠢᠶᠠᠨ ᠰᠠᠶᠢᠵᠢᠷᠠᠭᠤᠯᠬᠤ ᠪᠠ ᠬᠦᠴᠢᠷᠳᠡᠯ ᠢ ᠰᠢᠢᠳᠪᠦᠷᠢᠯᠡᠬᠦ ᠪᠣᠳᠠᠲᠠᠢ ᠦᠷ᠎ᠡ ᠪᠦᠲᠦᠮᠵᠢ | ᠪᠣᠯᠭᠠᠨ ᠬᠦᠴᠦᠯᠡᠨ ᠬᠤᠪᠢᠷᠠᠭᠤᠯᠪᠠ᠃ | ᠬᠤᠶᠠᠷ ᠲᠤ᠂ ᠲᠤᠰᠬᠠᠢ ᠰᠡᠳᠦᠪᠲᠦ ᠠᠰᠠᠭᠤᠨ ᠯᠠᠪᠯᠠᠯᠲᠠ ᠶᠢ ᠨᠠᠷᠢᠯᠢᠭ ᠬᠢᠪᠡ᠃ ᠰᠢᠶᠠᠨ ᠤ ᠨᠠᠮ ᠤᠨ | ᠬᠤᠷᠢᠶᠠᠨ ᠤ ᠭᠤᠣᠯ ᠠᠵᠢᠯ ᠤᠨ ᠲᠣᠭᠤᠷᠢᠨ ᠳᠤ᠂ 2023 ᠣᠨ ᠳᠤ ᠠᠶᠤᠯᠭᠦᠢ ᠦᠢᠯᠡᠳᠪᠦᠷᠢᠯᠡᠯ ᠤᠨ | ᠠᠰᠠᠭᠤᠳᠠᠯ ᠢ ᠲᠤᠰᠬᠠᠢ ᠠᠰᠠᠭᠤᠨ ᠯᠠᠪᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠷᠢᠭᠤᠴᠠᠯᠭ᠎ᠠ ᠶᠢ ᠠᠰᠠᠭᠤᠵᠤ᠂ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠶᠢ ᠬᠠᠷᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠠᠵᠢᠯ ᠢ ᠭᠦᠨᠵᠡᠭᠡᠢ ᠠᠬᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ | ᠬᠠᠮᠠᠭᠠᠯᠠᠨ᠎ᠠ᠃ 2024 ᠣᠨ ᠳᠤ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠤᠰᠬᠠᠶ ᠰᠡᠳᠦᠪ ᠢᠶᠠᠷ | ᠯᠠᠪᠯᠠᠨ ᠠᠰᠠᠭᠤᠵᠤ᠂ ᠠᠰᠠᠭᠤᠳᠠᠯ ᠳᠤ ᠰᠢᠭᠤᠳ ᠴᠣᠬᠢᠯᠲᠠ ᠥᠭᠴᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ᠂ ᠣᠯᠠᠨ ᠲᠦᠮᠡᠨ ᠤ ᠬᠦᠰᠡᠯ ᠡᠷᠡᠮᠡᠯᠵᠡᠯ ᠢ ᠠᠰᠠᠭᠤᠪᠠ᠃ ᠭᠤᠣᠯ ᠰᠡᠳᠦᠪ ᠲᠡᠭᠡᠨ ᠰᠢᠭᠤᠳ ᠣᠷᠣᠵᠤ᠂ | ᠬᠠᠷᠢᠭᠤᠴᠠᠯᠭ᠎ᠠ ᠡᠭᠦᠷᠭᠡᠯᠡᠯ ᠢ ᠬᠠᠷᠢᠭᠤᠯᠵᠤ᠂ ᠬᠤᠣᠰ ᠴᠢᠭᠯᠡᠯ ᠢᠶᠠᠷ ᠬᠠᠤᠯᠢᠵᠢᠯ ᠤᠨ ᠨᠢᠩᠴᠧᠩ ᠤᠨ ᠪᠦᠳᠦᠭᠡᠨ | ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠨ᠎ᠡ᠃ | ᠭᠤᠷᠪᠠ ᠳᠤ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ᠂ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ | ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠥᠷᠢ ᠥᠭᠴᠡᠭᠡᠨ ᠤ ᠬᠠᠮᠢᠶᠠᠷᠤᠯᠲᠠ ᠶᠢᠨ ᠪᠠᠶᠢᠳᠠᠯ ᠢ | ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠥᠷᠳᠡᠨ ᠰᠢᠮᠳᠠᠭᠤᠯᠤᠨ ᠪᠠᠶᠢᠴᠠᠭᠠᠵᠤ᠂ | ᠠᠷᠠᠳ ᠲᠦᠮᠡᠨ ᠤ ︽ᠵᠣᠭᠤᠰᠣᠨ ᠤᠭᠤᠲᠠ︾ ᠶᠢ ᠰᠠᠶᠢᠲᠤᠷ ᠬᠠᠮᠢᠶᠠᠷᠴᠤ᠂ ᠠᠷᠠᠳ ᠲᠦᠮᠡᠨ ᠤ ︽ ᠬᠦᠷᠦᠩᠭᠡ︾ | ᠶᠢ ᠰᠠᠶᠢᠲᠤᠷ ᠰᠠᠬᠢᠨ᠎ᠠ᠃ ᠰᠢᠶᠠᠨ ᠤ ᠨᠠᠮ ᠤᠨ ᠬᠤᠷᠢᠶᠠᠨ ᠤ ᠠᠵᠢᠯ ᠪᠠ ᠱᠠᠭᠠᠷᠳᠠᠯᠭ᠎ᠠ ᠶᠣᠰᠣᠭᠠᠷ᠂ ᠰᠢᠭᠦᠬᠦ | ᠬᠤᠷᠢᠶ᠎ᠠ ᠪᠠᠶᠢᠴᠠᠭᠠᠬᠤ ᠬᠤᠷᠢᠶ᠎ᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ | ᠲᠤᠰᠬᠠᠶ ᠬᠢᠨᠠᠯᠲᠠ ᠶᠢ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠢ ᠪᠠᠶᠢᠴᠠᠭᠠᠬᠤ ᠠᠵᠢᠯ ᠤᠨ ᠲᠤᠰᠬᠠᠶ | ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠮᠥᠷᠳᠡᠨ ᠬᠢᠨᠠᠯᠲᠠ ᠲᠠᠯᠪᠢᠵᠤ᠂ ᠬᠢᠨᠠᠯᠲᠠ ᠲᠠᠯᠪᠢᠭᠰᠠᠨ | ᠦᠷ᠎ᠡ ᠪᠦᠲᠦᠭᠡᠯ ᠢᠶᠠᠨ ᠪᠠᠬᠢᠵᠢᠭᠦᠯᠵᠦ᠂ ᠬᠢᠨᠠᠯᠲᠠ ᠲᠠᠯᠪᠢᠬᠤ ᠬᠠᠲᠠᠭᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ | ᠲᠠᠰᠤᠷᠠᠯᠲᠠ ᠥᠬᠡᠶ ᠴᠢᠩᠭᠠᠳᠬᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠶᠠᠷᠢᠯᠴᠠᠬᠤ ᠬᠤᠷᠠᠯ ᠳᠤ ᠬᠦᠴᠦᠨ | ᠨᠡᠮᠡᠷᠢᠯᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠬᠠᠮᠲᠤ ᠪᠠᠷ ᠬᠥᠳᠡᠯᠦᠯᠴᠡᠵᠦ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠠᠵᠤ ᠠᠬᠤᠶᠢᠯᠠᠯ ᠤᠨ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ᠂ ᠬᠤᠳᠠᠯ ᠬᠠᠭᠤᠷᠮᠠᠭ | ᠵᠠᠭᠠᠯᠳᠤᠯᠭ᠎ᠠ᠂ ᠬᠡᠷᠡᠭ ᠤᠨ ᠬᠡᠷᠡᠭᠵᠢᠭᠦᠯᠦᠯᠲᠡ ᠵᠡᠷᠭᠡ ᠲᠠᠪᠤᠨ ᠵᠦᠢᠯ ᠤᠨ ᠲᠤᠰᠬᠠᠶ ᠰᠡᠳᠦᠪᠲᠦ ᠬᠢᠨᠠᠯᠲᠠ ᠶᠢ | ᠰᠦᠪᠡᠭᠴᠢᠯᠡᠨ ᠥᠷᠨᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠠᠷᠢᠯᠢᠭ | ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠪᠡ᠃ |