ᠨᠢᠩᠴᠧᠩ ᠰᠢᠶᠠᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠠᠪᠴᠤ ᠨᠠᠮᠤᠷ ᠤᠨ ᠬᠤᠷᠢᠶᠠᠯᠲᠠ ᠶᠢᠨ ᠠᠵᠢᠯ ᠢ ᠯᠠᠪᠳᠠᠭᠤᠨ ᠪᠠᠲᠤᠲᠠᠢ ᠦᠷᠨᠢᠭᠦᠯᠦᠨ᠎ᠡ
ᠨᠡᠶᠢᠲᠡᠯᠡᠭᠰᠡᠨ ᠴᠠᠭ᠄
2024/10/12
             ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮᠤᠷ ᠤᠨ ᠬᠤᠷᠢᠶᠠᠯᠲᠠ ᠶᠢᠨ  ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠰᠢᠶᠠᠨ᠂ ᠪᠠᠯᠭᠠᠰᠤ ︵ᠰᠢᠶᠠᠩ ᠪᠠᠯᠭᠠᠰᠤ︶  ᠬᠤᠶᠠᠷ ᠱᠠᠲᠤᠨ ᠤ ᠵᠠᠰᠠᠭ ᠤᠨ ᠣᠷᠳᠣᠨ ᠨᠠᠮᠤᠷ ᠤᠨ ᠬᠤᠷᠢᠶᠠᠯᠲᠠ ᠶᠢᠨ ᠪᠠᠶᠢᠳᠠᠯ ᠢ ᠤᠷᠢᠳᠴᠢᠯᠠᠨ ᠰᠤᠳᠤᠯᠤᠨ  ᠮᠠᠭᠠᠳᠯᠠᠵᠤ᠂ ᠨᠠᠮᠤᠷ ᠤᠨ ᠬᠤᠷᠢᠶᠠᠯᠲᠠ ᠶᠢ ᠪᠠᠲᠤᠯᠠᠬᠤ᠂ ᠨᠠᠮᠤᠷ ᠤᠨ ᠬᠤᠷᠢᠶᠠᠯᠲᠠ ᠶᠢ ᠲᠣᠭᠲᠠᠪᠤᠷᠢᠵᠢᠭᠤᠯᠬᠤ  ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠡᠨᠡ ᠵᠢᠯ ᠤᠨ ᠨᠠᠮᠤᠷ ᠤᠨ ᠬᠤᠷᠢᠶᠠᠯᠲᠠ ᠶᠢᠨ ᠠᠵᠢᠯ ᠢ ᠦᠨᠡᠨ  ᠬᠦ ᠴᠢᠩᠭ᠎ᠠ ᠠᠳᠬᠤᠵᠤ᠂ ᠨᠠᠮᠤᠷ ᠤᠨ ᠠᠮᠤ ᠪᠤᠳᠠᠭ᠎ᠠ ᠶᠢ ᠬᠥᠮᠥᠷᠭᠡ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃  ᠤᠳᠤᠷᠢᠳᠬᠤ ᠺᠠᠳ᠋ᠷᠴᠤᠳ ᠬᠡᠰᠡᠭ ᠳᠠᠭᠠᠭᠠᠴᠢᠯᠠᠨ ᠲᠣᠰᠬᠤᠨ ᠢ ᠳᠠᠭᠠᠭᠠᠴᠢᠯᠠᠬᠤ ᠳᠦᠷᠢᠮ ᠢ ᠬᠡᠷᠡᠭᠵᠢᠭᠦᠯᠵᠦ᠂  ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠣᠭᠤᠳᠴᠤ᠂ ᠬᠤᠷᠢᠶᠠᠯᠲᠠ ᠶᠢᠨ ᠠᠬᠢᠴᠠ ᠶᠢ ᠡᠵᠡᠮᠰᠢᠵᠦ᠂ ᠤᠯᠠᠨ  ᠲᠦᠮᠡᠨ ᠤ ᠨᠠᠮᠤᠷ ᠤᠨ ᠬᠤᠷᠢᠶᠠᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ  ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠨᠠᠮᠤᠷ ᠤᠨ ᠬᠤᠷᠢᠶᠠᠯᠲᠠ ᠶᠢᠨ ᠠᠵᠢᠯ ᠢ ᠡᠮᠬᠢ ᠴᠡᠭᠴᠡ ᠲᠠᠢ  ᠥᠷᠨᠢᠭᠦᠯᠬᠦ ᠶᠢ ᠪᠠᠲᠤᠯᠠᠨ᠎ᠠ᠃    ᠬᠤᠶᠠᠷ ᠲᠤ᠂ ᠠᠮᠤᠷ ᠲᠦᠪᠰᠢᠨ ᠤ ᠤᠬᠠᠭᠤᠯᠭ᠎ᠠ ᠶᠢ ᠴᠢᠩᠭᠠᠳᠬᠠᠵᠤ᠂ ᠨᠠᠮᠤᠷ ᠤᠨ ᠬᠤᠷᠢᠶᠠᠯᠲᠠ ᠶᠢᠨ ᠠᠵᠢᠯ ᠤᠨ  ᠠᠮᠤᠷ ᠲᠦᠪᠰᠢᠨ ᠢᠶᠠᠷ ᠶᠠᠪᠤᠭᠳᠠᠬᠤ ᠶᠢ ᠪᠠᠲᠤᠯᠠᠨ᠎ᠠ᠃ ᠸᠢᠴᠠᠲ ᠤᠨ ᠴᠤᠭᠯᠠᠷᠠᠯ᠂ ᠪᠦᠷᠢᠶ᠎ᠡ᠂ ᠡᠯᠭᠦᠭᠡ ᠪᠢᠴᠢᠭᠡᠰᠦ  ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠮᠤᠷ ᠤᠨ ᠬᠤᠷᠢᠶᠠᠯᠲᠠ ᠶᠢᠨ ᠴᠠᠬᠢᠯᠭᠠᠨ ᠬᠡᠷᠡᠭᠯᠡᠬᠦ᠂ ᠭᠠᠯ ᠰᠡᠷᠭᠡᠶᠢᠯᠡᠬᠦ᠂  ᠲᠠᠷᠢᠶᠠᠯᠠᠩ ᠤᠨ ᠮᠠᠰᠢᠨ ᠪᠠᠭᠠᠵᠢ ᠶᠢᠨ ᠬᠡᠷᠡᠭᠯᠡᠯᠲᠡ ᠵᠡᠷᠭᠡ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠵᠤ᠂ ᠨᠠᠮᠤᠷ ᠤᠨ ᠬᠤᠷᠢᠶᠠᠯᠲᠠ ᠶᠢᠨ ᠬᠤᠭᠤᠴᠠᠭᠠᠨ ᠳᠠᠬᠢ ᠤᠯᠠᠨ ᠲᠦᠮᠡᠨ ᠤ ︽ᠭᠠᠯ ᠰᠡᠷᠭᠡᠶᠢᠯᠡᠬᠦ︾ ᠤᠬᠠᠮᠰᠠᠷ ᠢ  ᠳᠡᠭᠡᠭᠰᠢᠯᠡᠭᠦᠯᠵᠦ᠂ ᠨᠠᠮᠤᠷ ᠤᠨ ᠬᠤᠷᠢᠶᠠᠯᠲᠠ ᠶᠢᠨ ᠬᠤᠭᠤᠴᠠᠭᠠᠨ ᠳᠤ ᠭᠠᠯ ᠤᠨ ᠠᠶᠤᠯ ᠵᠡᠷᠭᠡ ᠠᠮᠤᠷ ᠲᠦᠪᠰᠢᠨ ᠤ  ᠠᠳᠡᠯ ᠭᠠᠷᠬᠤ ᠶᠢ ᠬᠤᠷᠢᠭᠯᠠᠵᠤ᠂ ᠨᠠᠮᠤᠷ ᠤᠨ ᠬᠤᠷᠢᠶᠠᠯᠲᠠ ᠶᠢᠨ ᠠᠮᠤᠷ ᠲᠦᠪᠰᠢᠨ ᠢ ᠴᠢᠩᠭᠠᠳᠬᠠᠨ᠎ᠠ᠃ ᠨᠠᠮᠤᠷ ᠤᠨ  ᠬᠤᠷᠢᠶᠠᠯᠲᠠ ᠶᠢᠨ ᠴᠠᠭ ᠠᠭᠤᠷ ᠤᠨ ᠲᠤᠬᠠᠶ ᠲᠤᠰᠬᠠᠶ ᠮᠡᠳᠡᠭᠦᠯᠦᠯᠲᠡ ᠶᠢ ᠨᠡᠶᠢᠲᠡᠯᠡᠵᠦ ᠲᠠᠷᠢᠶᠠᠴᠢᠨ ᠡᠷᠦᠬᠡ ᠳᠤ ᠴᠠᠭ  ᠠᠭᠤᠷ ᠤᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠭᠦᠯᠵᠦ᠂ ᠬᠥᠳᠡᠯᠮᠦᠷᠢᠯᠡᠬᠦ ᠴᠠᠭ ᠪᠠ ᠨᠠᠷᠠᠨ ᠳᠤ  ᠡᠭᠡᠭᠡᠬᠦ ᠴᠠᠭ ᠤᠨ ᠴᠠᠭ ᠢ ᠵᠦᠶ ᠵᠣᠬᠢᠰᠲᠠᠶ ᠲᠣᠬᠢᠷᠠᠭᠤᠯᠵᠤ᠂ ᠠᠮᠤᠷ ᠲᠦᠪᠰᠢᠨ᠂ ᠴᠠᠭ ᠲᠤᠬᠠᠶ ᠳᠤᠨᠢ᠂ ᠥᠨᠳᠥᠷ  ᠪᠦᠲᠦᠮᠵᠢᠲᠡᠶ ᠪᠠᠷ ᠬᠠᠳᠤᠵᠤ ᠬᠤᠷᠢᠶᠠᠬᠤ ᠶᠢ ᠦᠨᠡᠨᠬᠦ ᠪᠠᠲᠤᠯᠠᠵᠤ᠂ ᠬᠤᠬᠢᠷᠠᠯ ᠡᠭᠦᠰᠬᠦ ᠠᠴᠠ ᠰᠡᠷᠭᠡᠶᠢᠯᠡᠨ᠎ᠡ᠃   ᠭᠤᠷᠪᠠ ᠳᠤ᠂ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠨᠠᠮᠤᠷ ᠤᠨ ᠬᠤᠷᠢᠶᠠᠯᠲᠠ ᠶᠢᠨ ᠠᠵᠢᠯ ᠤᠨ  ᠴᠢᠨᠠᠷ ᠰᠠᠶᠢᠲᠠᠢ ᠶᠠᠪᠤᠭᠳᠠᠬᠤ ᠶᠢ ᠪᠠᠲᠤᠯᠠᠨ᠎ᠠ᠃ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ  ᠲᠠᠷᠢᠶᠠᠨ ᠭᠠᠵᠠᠷ ᠲᠤ ᠬᠦᠨᠵᠡᠭᠡᠶᠢᠷᠡᠭᠦᠯᠦᠨ ᠲᠠᠷᠢᠶᠠᠯᠠᠩ ᠤᠨ ᠮᠠᠰᠢᠨ ᠪᠠᠭᠠᠵᠢ ᠶᠢᠨ ᠬᠡᠷᠡᠭᠯᠡᠯᠲᠡ ᠶᠢ ᠵᠢᠯᠣᠭᠤᠳᠴᠤ᠂  ᠲᠠᠷᠢᠶᠠᠯᠠᠩ ᠤᠨ ᠮᠠᠰᠢᠨ ᠪᠠᠭᠠᠵᠢ ᠶᠢᠨ ᠬᠡᠷᠡᠭᠯᠡᠯᠲᠡ᠂ ᠰᠡᠯᠪᠢᠨ ᠵᠠᠰᠠᠯᠲᠠ ᠪᠠ ᠠᠷᠠᠴᠢᠯᠠᠨ ᠬᠠᠮᠠᠭᠠᠯᠠᠬᠤ ᠮᠡᠳᠡᠯᠭᠡ ᠶᠢ  ᠲᠠᠶᠢᠯᠪᠤᠷᠢᠯᠠᠵᠤ᠂ ᠲᠠᠷᠢᠶᠠᠯᠠᠩ ᠤᠨ ᠮᠠᠰᠢᠨ ᠤ ᠠᠵᠢᠯᠲᠠᠨ ᠢ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠪᠠᠷᠢᠮᠵᠢᠶ᠎ᠠ ᠶᠢ  ᠴᠢᠩᠭ᠎ᠠ ᠬᠡᠷᠡᠭᠵᠢᠭᠦᠯᠵᠦ᠂ ᠠᠵᠢᠯ ᠤᠨ ᠶᠠᠰᠤ ᠴᠢᠨᠠᠷ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠲᠠᠷᠢᠮᠠᠯ ᠤᠨ  ᠪᠣᠯᠪᠠᠰᠤᠷᠠᠩᠭᠤᠶ ᠪᠠᠶᠢᠳᠠᠯ᠂ ᠡᠪᠡᠳᠴᠢᠨ ᠬᠤᠷᠣᠬᠠᠶ ᠡᠪᠡᠰᠦᠨ ᠤ ᠭᠠᠮᠰᠢᠭ ᠡᠭᠦᠰᠦᠭᠰᠡᠨ ᠪᠠᠶᠢᠳᠠᠯ ᠵᠡᠷᠭᠡ ᠳᠤ  ᠴᠢᠭᠯᠡᠭᠦᠯᠦᠨ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠣᠯᠭ᠎ᠠ ᠥᠷᠨᠢᠭᠦᠯᠵᠦ᠂ ᠴᠠᠭ ᠠᠭᠤᠷ ᠤᠨ ᠰᠠᠯᠠᠭ᠎ᠠ  ᠮᠥᠴᠢᠷ ᠤᠨ ᠨᠡᠶᠢᠲᠡᠯᠡᠭᠰᠡᠨ ᠴᠠᠭ ᠠᠭᠤᠷ ᠤᠨ ᠮᠡᠳᠡᠭᠡ ᠵᠠᠩᠭᠢ ᠶᠢ ᠦᠨᠳᠦᠰᠦᠯᠡᠨ᠂ ᠲᠠᠷᠢᠶᠠᠴᠢᠳ ᠢ ᠵᠢᠯᠣᠭᠤᠳᠤᠨ  ᠴᠠᠭ ᠲᠤᠨᠢ ᠳᠣᠭᠢᠷᠠᠭᠤᠯᠤᠨ ᠬᠤᠷᠢᠶᠠᠵᠤ᠂ ᠲᠠᠷᠢᠮᠠᠯ ᠤᠨ ᠤᠨᠠᠯᠲᠠ ᠶᠢ ᠳᠡᠭᠡᠭᠰᠢᠯᠡᠭᠦᠯᠬᠦ ᠶᠢᠨ ᠬᠠᠮᠲᠤ ᠡᠷᠦᠬᠡ ᠳᠤ  ᠬᠦᠷᠴᠦ᠂ ᠲᠠᠷᠢᠶᠠᠴᠢᠳ ᠤᠨ ᠡᠰᠢ ᠰᠦᠷᠡᠯ ᠢ ᠳᠤᠷ᠎ᠠ ᠪᠠᠷ ᠢᠶᠠᠨ ᠰᠢᠲᠠᠭᠠᠬᠤ ᠠᠵᠢᠯᠯᠠᠭ᠎ᠠ ᠶᠢ ᠴᠢᠩᠭ᠎ᠠ ᠬᠢᠨᠠᠨ  ᠬᠠᠮᠢᠶᠠᠷᠴᠤ᠂ ᠡᠰᠢ ᠰᠦᠷᠡᠯ ᠢ ᠰᠢᠲᠠᠭᠠᠬᠤ ᠪᠠ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠤᠬᠠᠭᠤᠯᠬᠤ ᠪᠠ  ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠡᠷᠳᠡᠨᠢ ᠰᠢᠰᠢ ᠶᠢᠨ ᠡᠰᠢ ᠰᠦᠷᠡᠯ ᠢ ᠬᠠᠳᠠᠭᠠᠯᠠᠬᠤ᠂ ᠪᠣᠭᠤᠳᠠᠯᠯᠠᠬᠤ᠂  ᠲᠠᠷᠢᠶᠠᠨ ᠳᠤ ᠪᠤᠴᠠᠭᠠᠬᠤ ᠵᠡᠷᠭᠡ ᠶᠢ ᠰᠠᠨᠠᠭᠠᠴᠢᠯᠠᠨ᠎ᠠ᠃ ᠣᠲᠣ ᠪᠣᠯᠲᠠᠯ᠎ᠠ᠂ ᠪᠥᠬᠦ ᠰᠢᠶᠠᠨ ᠢᠶᠠᠷ ᠢᠶᠠᠨ 75 ᠲᠦᠮᠡᠨ  ᠮᠥ ᠠᠮᠤ ᠪᠤᠳᠠᠭᠠᠨ ᠤ ᠲᠠᠷᠢᠮᠠᠯ ᠬᠤᠷᠢᠶᠠᠵᠤ᠂ ᠡᠭᠦᠨ ᠳᠤ ᠡᠷᠳᠡᠨᠢ ᠰᠢᠰᠢ 40 ᠲᠦᠮᠡᠨ ᠮᠥ᠂ ᠰᠢᠰᠢ 20 ᠲᠦᠮᠡᠨ  ᠮᠥ᠂ ᠨᠠᠷᠢᠮᠤ 10 ᠲᠦᠮᠡᠨ ᠮᠥ ᠪᠣᠶ᠃ ᠪᠤᠭᠤᠳᠠᠢ᠂ ᠲᠥᠮᠥᠰᠥ᠂ ᠰᠢᠷ᠎ᠠ ᠪᠤᠷᠴᠠᠭ ᠢ ᠨᠢᠭᠡᠨᠲᠡ ᠪᠦᠬᠦᠨ ᠢ  ᠬᠤᠷᠢᠶᠠᠵᠠᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号