| ︽ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢᠨ ᠠᠮᠤᠷ ᠲᠦᠪᠰᠢᠨ ᠤ ᠭᠤᠤᠯ | ᠴᠣᠭᠴᠠ ᠶᠢᠨ ᠬᠠᠷᠢᠭᠤᠴᠠᠯᠭ᠎ᠠ ᠶᠢᠨ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠲᠣᠭᠲᠠᠭᠠᠯ︾ ︵ | ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ 74 ᠳ᠋ᠦ᠋ᠭᠡᠷ ᠲᠣᠭᠠᠲᠤ | ᠵᠠᠷᠯᠢᠭ︶ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠶᠡᠷᠦᠩᠬᠡᠶ ᠬᠢᠨᠠᠭᠴᠢ᠂ | ᠠᠮᠤᠷ ᠲᠦᠪᠰᠢᠨ ᠤ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠪᠣᠳᠠᠲᠤ ᠪᠠᠶᠢᠯᠳᠤᠭᠠᠨ ᠤ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ | ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ᠴᠠᠬᠢᠯᠭᠠᠨ ᠱᠠᠲᠤ ᠬᠡᠷᠡᠭᠯᠡᠬᠦ | ᠨᠢᠭᠡᠴᠡ ᠶᠢᠨ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠠᠮᠤᠷ ᠲᠦᠪᠰᠢᠨ ᠤ ᠠᠵᠢᠯᠲᠠᠨ ᠳᠤ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠪᠡ᠃ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠠᠭᠤᠯᠭ᠎ᠠ ᠨᠢ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠠᠮᠤᠷ ᠲᠦᠪᠰᠢᠨ ᠤ ᠮᠡᠷᠭᠡᠵᠢᠯ ᠤᠨ | ᠵᠢᠷᠤᠮᠵᠢᠯ᠂ ᠬᠠᠮᠢᠶᠠᠷᠤᠯᠲᠠ ᠶᠢᠨ ᠲᠦᠷᠢᠮ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠲᠠᠯ᠎ᠠ ᠲᠠᠢ | ᠬᠤᠯᠪᠤᠬᠳᠠᠵᠦ᠂ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠠᠮᠤᠷ ᠲᠦᠪᠰᠢᠨ ᠤ ᠠᠵᠢᠯᠲᠠᠨ ᠤ ᠬᠠᠤᠯᠢ ᠴᠠᠭᠠᠵᠠ | ᠬᠠᠤᠯᠢ ᠲᠣᠭᠲᠠᠭᠠᠯ ᠪᠠ ᠲᠤᠰᠬᠠᠶ ᠮᠡᠷᠭᠡᠵᠢᠯ ᠤᠨ ᠠᠮᠤᠷ ᠲᠦᠪᠰᠢᠨ ᠤ ᠮᠡᠳᠡᠯᠭᠡ ᠶᠢ ᠡᠵᠡᠮᠰᠢᠭᠰᠡᠨ ᠪᠠᠶᠢᠳᠠᠯ ᠢ ᠪᠥᠬᠦ | ᠲᠠᠯ᠎ᠠ ᠪᠠᠷ ᠰᠢᠯᠭᠠᠨ ᠪᠠᠶᠢᠴᠠᠭᠠᠪᠡ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ | ᠶᠡᠷᠦᠩᠬᠡᠶ ᠬᠢᠨᠠᠭᠴᠢ ᠪᠠ ᠠᠮᠤᠷ ᠲᠦᠪᠰᠢᠨ ᠤ ᠠᠵᠢᠯᠲᠠᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ | ᠥᠷᠨᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠮᠤᠷ ᠲᠦᠪᠰᠢᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠠᠵᠢᠯᠲᠠᠨ ᠵᠡᠷᠭᠡ ᠵᠠᠩᠭᠢᠯᠠᠭ᠎ᠠ ᠶᠢᠨ ᠴᠥᠭᠡᠨ | ᠲᠣᠭᠠᠨ ᠤ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠠᠮᠤᠷ ᠲᠦᠪᠰᠢᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠣᠲᠣ ᠪᠣᠯᠲᠠᠯ᠎ᠠ᠂ ᠴᠠᠬᠢᠯᠭᠠᠨ ᠱᠠᠲᠤ ᠬᠡᠷᠡᠭᠯᠡᠬᠦ 42 ᠨᠢᠭᠡᠴᠡ᠂ ᠠᠮᠤᠷ ᠲᠦᠪᠰᠢᠨ ᠤ ᠶᠡᠷᠦᠩᠬᠡᠶ ᠬᠢᠨᠠᠭᠴᠢ᠂ | ᠠᠮᠤᠷ ᠲᠦᠪᠰᠢᠨ ᠤ ᠠᠵᠢᠯᠲᠠᠨ ᠨᠡᠶᠢᠲᠡ 80 ᠭᠠᠷᠤᠶ ᠬᠥᠮᠦᠨ ᠳᠤ ᠬᠢᠨᠠᠯᠲᠠ ᠲᠡᠯᠪᠢᠪᠡ᠃ ᠳᠠᠷᠠᠭᠠᠴᠢ ᠶᠢᠨ | ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠ ᠲᠦᠷᠦᠯ ᠤᠨ | ᠲᠤᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢ ᠦᠷᠭᠦᠯᠵᠢᠯᠡᠨ ᠱᠠᠯᠠᠪᠳᠠᠭᠤᠯᠤᠨ ᠵᠢᠯᠣᠭᠤᠳᠴᠤ ᠪᠠᠶᠢᠭᠠᠳ ᠠᠮᠤᠷ | ᠲᠦᠪᠰᠢᠨ ᠤ ᠶᠡᠷᠦᠩᠬᠡᠢ ᠬᠢᠨᠠᠭᠴᠢ᠂ ᠠᠮᠤᠷ ᠲᠦᠪᠰᠢᠨ ᠤ ᠠᠵᠢᠯ ᠤᠨ ᠪᠠᠶᠢᠷᠢ ᠶᠢᠨ ᠬᠥᠮᠦᠵᠢᠯ ᠪᠣᠯᠪᠠᠰᠤᠷᠠᠯ᠂ | ᠰᠢᠯᠭᠠᠯᠲᠠ ᠶᠢ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠣᠨᠴᠠ ᠲᠦᠷᠦᠯ ᠤᠨ ᠲᠤᠨᠤᠭ | ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ | ᠬᠢᠨᠠᠯᠲᠠ ᠬᠠᠮᠢᠶᠠᠷᠤᠯᠲᠠ ᠶᠢ ᠠᠶᠤᠯ ᠲᠦᠭᠰᠢᠭᠦᠷᠢ ᠠᠴᠠ ᠡᠮᠦᠨ᠎ᠡ᠂ ᠣᠨᠴᠠ ᠲᠦᠷᠦᠯ ᠤᠨ ᠲᠤᠨᠤᠭ | ᠲᠥᠬᠦᠭᠡᠷᠦᠮᠵᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ | | | | | | | | | | | ᠁ |