ᠪᠠᠷᠬᠠᠨ ᠪᠠᠯᠭᠠᠰᠤ ᠰᠢᠨ᠎ᠡ ᠴᠠᠭ ᠦᠶ᠎ᠡ ᠶᠢᠨ ︽ᠪᠣᠯᠪᠠᠰᠤᠨ ᠤ ᠴᠡᠴᠡᠭ︾ ᠢ ᠡᠭᠦᠷᠢᠳᠡ ᠴᠡᠴᠡᠭᠯᠡᠭᠦᠯᠦᠨ᠎ᠡ
ᠨᠡᠶᠢᠲᠡᠯᠡᠭᠰᠡᠨ ᠴᠠᠭ᠄
2024/10/15
    ᠨᠢᠭᠡ ᠳᠤ᠂ ︽ᠪᠣᠯᠪᠠᠰᠤᠨ ᠵᠠᠰᠠᠯᠲᠠ︾ ᠪᠠᠷ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠨ᠎ᠡ ᠳᠦᠷᠰᠦ ᠪᠠᠶᠢᠳᠠᠯ ᠲᠠᠢ ᠪᠤᠯᠭᠠᠪᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ︽ᠡᠭᠦᠳᠡᠨ ᠡᠮᠦᠨᠡᠬᠢ ᠶᠢ ᠴᠡᠪᠡᠷᠰᠢᠭᠦᠯᠵᠦ᠂ ᠲᠣᠰᠬᠤᠨ ᠤ ᠵᠠᠮ ᠢ ᠨᠣᠭᠤᠭᠠᠷᠠᠭᠤᠯᠬᠤ︾ ᠠᠵᠢᠯᠯᠠᠭ᠎ᠠ ᠶᠢ 2 ᠤᠳᠠᠭ᠎ᠠ ᠢᠳᠡᠪᠬᠢᠲᠡᠢ ᠥᠷᠨᠢᠭᠦᠯᠵᠦ᠂ ᠪᠠᠯᠭᠠᠰᠤᠨ ᠤ ᠰᠢᠨ᠎ᠡ ᠰᠤᠷᠲᠠᠯ ᠢ ᠪᠣᠶ ᠪᠣᠯᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠲᠣᠰᠬᠤᠨ ᠤ ᠠᠷᠠᠳ ᠤᠨ ᠳᠤᠭᠤᠶᠢᠯᠠᠩ157 ᠤᠳᠠᠭ᠎ᠠ ᠴᠡᠭᠴᠡᠯᠡᠨ ᠵᠠᠰᠠᠵᠦ᠂ ᠬᠥᠳᠡᠭᠡ ᠲᠣᠰᠬᠤᠨ ᠤ 928 ᠵᠣᠷᠯᠣᠩ ᠢ  ᠥᠭᠡᠷᠡᠴᠢᠯᠡᠨ ᠪᠠᠶᠢᠭᠤᠯᠵᠤ᠂ ᠨᠡᠶᠢᠲᠡ 1020 ᠬᠠᠭᠤᠷᠠᠶ ᠵᠣᠷᠯᠣᠩ ᠢ ᠠᠷᠢᠯᠭᠠᠪᠠ᠃    ᠬᠤᠶᠠᠷ ᠲᠤ᠂ ︽ᠪᠣᠯᠪᠠᠰᠤᠨ ᠬᠦᠮᠦᠵᠢᠯ︾ ᠢᠶᠠᠷ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠪᠠ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠳᠡᠷᠭᠡᠳᠡᠬᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠠᠭᠤᠳᠠᠯᠤᠨ ᠰᠣᠩᠭᠤᠵᠤ ᠪᠤᠢ ᠪᠣᠯᠭᠠᠵᠤ᠂ ︽ᠶᠣᠰᠣ ᠰᠤᠷᠲᠠᠬᠤᠨ ᠤ ᠵᠢᠱᠢᠶᠡᠴᠢ︾᠂ ︽ᠳᠡᠷᠭᠡᠳᠡᠬᠢ ᠰᠠᠶᠢᠨ ᠬᠥᠮᠦᠨ︾᠂ ︽ᠪᠣᠯᠪᠠᠰᠤᠨ ᠭᠡᠷ ᠪᠦᠯᠢ︾ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠬᠤ ᠠᠵᠢᠯᠯᠠᠭ᠎ᠠ ᠶᠢ 10 ᠭᠠᠷᠤᠢ ᠤᠳᠠᠭ᠎ᠠ ᠥᠷᠨᠢᠭᠦᠯᠵᠦ᠂ ︽ᠦᠨᠡᠨᠴᠢ ᠢᠲᠡᠭᠡᠮᠵᠢᠲᠡᠢ ᠪᠠᠶᠢᠬᠤ︾ ︽ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ︾ ᠲᠡᠷᠢᠭᠦᠨ ᠤ ᠬᠥᠮᠦᠰ ᠤᠨ ᠠᠵᠢᠯᠯᠠᠭ᠎ᠠ ᠶᠢ ᠨᠡᠪᠲᠡᠷᠡᠭᠦᠯᠬᠦ ᠵᠡᠷᠭᠡ ᠠᠷᠭ᠎ᠠ ᠬᠡᠯᠪᠡᠷᠢ ᠪᠠᠷ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠰᠢᠨ᠎ᠡ ᠰᠣᠷᠭᠤᠭ ᠠᠴᠢᠶᠠᠯᠠᠪᠤᠷᠢ ᠲᠠᠢ ᠪᠣᠯᠭᠠᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠤᠢ ᠪᠣᠯᠭᠠᠪᠠ᠃    ᠭᠤᠷᠪᠠ ᠳᠤ᠂ ︽ᠪᠣᠯᠪᠠᠰᠤᠨ ᠦᠢᠯᠡᠳᠦᠯᠭᠡ︾ ᠨᠢ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠢᠯᠡᠷᠡᠭᠦᠯᠪᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠦᠷᠳᠡᠭᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠤᠨᠤᠯ ᠤᠨ ᠤᠬᠠᠭᠤᠯᠤᠨ ᠲᠠᠶᠢᠯᠪᠤᠷᠢᠯᠠᠬᠤ᠂ ᠰᠣᠶᠣᠯ ᠤᠨ ᠠᠵᠢᠯᠯᠠᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠡᠷᠭᠡ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠲᠦᠮᠡᠨ ᠳᠤ ︽ᠨᠤᠲᠤᠭ ᠤᠨ ᠦᠭᠡ︾ ᠪᠠᠷ ᠤᠨᠤᠯ ᠤᠨ ᠤᠬᠠᠭᠤᠯᠤᠨ ᠲᠠᠶᠢᠯᠪᠤᠷᠢᠯᠠᠬᠤ ᠬᠥᠮᠦᠵᠢᠯ ᠢ ᠬᠦᠷᠳᠡᠭᠡᠪᠡ᠃ ᠣᠲᠣ ᠪᠣᠯᠲᠠᠯ᠎ᠠ᠂ ︽ᠴᠠᠭᠠᠨ ᠥᠩᠭᠡ ᠶᠢᠨ ᠬᠤᠭ ᠨᠣᠪᠰᠢ ᠶᠢ ᠴᠡᠪᠡᠷᠯᠡᠵᠦ ᠪᠣᠯᠪᠠᠰᠤᠨ ᠤ ᠳᠡᠪᠢᠰᠬᠡᠷ ᠥᠩᠭᠡ ᠶᠢ ᠨᠢ ᠭᠡᠷᠡᠯᠳᠦᠬᠦᠯᠬᠦ︾ ︽ᠦᠨᠡᠨᠴᠢ ᠢᠲᠡᠭᠡᠮᠵᠢᠲᠡᠶ ᠤᠬᠠᠭᠤᠯᠭ᠎ᠠ ᠶᠢ ᠪᠢ ᠤᠷᠢᠳᠠᠪᠠᠷ ᠬᠢᠬᠦ︾ ᠰᠤᠷᠲᠠᠯ ᠢ ᠴᠡᠭᠴᠡᠯᠡᠬᠦ ᠵᠡᠷᠭᠡ ᠡᠯ᠎ᠡ ᠲᠥᠷᠥᠯ ᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ 100 ᠭᠠᠷᠤᠶ ᠲᠠᠯᠠᠪᠤᠷ ᠤᠳᠠᠭ᠎ᠠ ᠬᠠᠷᠢᠯᠴᠠᠨ ᠦᠢᠯᠡᠳᠦᠯᠴᠡᠬᠦ ᠮᠠᠶ᠋ᠢᠭ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ 1.5 ᠲᠦᠮᠡᠨ ᠬᠥᠮᠦᠨ ᠤᠳᠠᠭ᠎ᠠ ᠳᠤ ᠬᠦᠷᠴᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号