| ᠨᠢᠭᠡ ᠳᠤ ᠭᠤᠣᠯᠳᠠᠯᠭ᠎ᠠ ᠲᠠᠢ ᠡᠭᠦᠷᠭᠡ ᠶᠢ ᠲᠤᠳᠤᠷᠬᠠᠶᠢᠯᠠᠪᠠ᠃ ︽ᠪᠦᠬᠦ ᠣᠷᠣᠨ ᠳᠤ ᠨᠡᠶᠢᠳᠡᠮ ᠭᠦᠢᠴᠡᠳᠭᠡᠬᠦ︾ | ᠵᠦᠢᠯᠡᠰ ᠢ ᠳᠠᠭᠠᠭᠠᠨ ᠠᠪᠴᠤ᠂ ᠦᠢᠯᠡᠴᠢᠯᠡᠭᠡᠨ ᠤ ᠵᠦᠭᠯᠡᠭᠦᠷ ᠢ ᠡᠮᠬᠢᠯᠡᠨ᠂ ᠭᠦᠢᠴᠡᠳᠭᠡᠬᠦ ᠲᠣᠭᠲᠠᠴᠠ ᠶᠢ | ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠳᠠᠬᠢᠨ ᠵᠢᠭᠰᠠᠭᠠᠨ ᠪᠠᠶᠢᠴᠠᠭᠠᠵᠤ᠂ ᠳᠠᠬᠢᠨ | ᠰᠢᠯᠢᠳᠡᠭᠵᠢᠭᠦᠯᠬᠦ ᠶᠢ ᠥᠷᠨᠢᠭᠦᠯᠦᠨ᠎ᠡ᠃ ᠠᠵᠢᠯ ᠶᠠᠪᠤᠳᠠᠯ ᠭᠦᠢᠴᠡᠳᠭᠡᠬᠦ ᠡᠬᠡ ᠲᠠᠩᠰᠠ ᠶᠢ ᠪᠠᠶᠢᠭᠤᠯᠵᠤ᠂ ᠠᠵᠢᠯ | ᠶᠠᠪᠤᠳᠠᠯ ᠭᠦᠢᠴᠡᠳᠭᠡᠬᠦ ᠪᠦᠷᠢᠳᠬᠡᠯ ᠢ ᠰᠠᠶᠢᠲᠤᠷ ᠬᠢᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠳ᠋ᠦᠩᠨᠡᠨ᠂ ᠭᠡᠷᠡᠴᠢ | ᠮᠠᠲ᠋ᠧᠷᠢᠶᠠᠯ ᠴᠤᠭᠯᠠᠭᠤᠯᠵᠤ᠂ ︽ᠪᠥᠬᠦ ᠣᠷᠣᠨ ᠤ ᠨᠡᠶᠢᠳᠡᠮ ᠭᠦᠢᠴᠡᠳᠭᠡᠬᠦ︾ ᠭᠦᠢᠴᠡᠳᠬᠡᠯ ᠲᠤᠭ᠎ᠠ ᠳᠤ ᠬᠡᠷᠡᠭ ᠤᠨ | ᠵᠢᠱᠢᠶ᠎ᠡ ᠲᠠᠢ᠂ ᠭᠡᠷᠡᠴᠢᠯᠡᠯ ᠲᠠᠢ ᠪᠠᠶᠢᠬᠤ ᠶᠢ ᠦᠨᠡᠨᠬᠦ ᠪᠠᠲᠤᠯᠠᠨ᠎ᠠ᠃ | ᠬᠤᠶᠠᠷ ᠲᠤ᠂ ᠡᠯᠧᠺᠲᠷᠣᠨ ᠦᠨᠡᠮᠯᠡᠯ ᠢ ᠨᠡᠶᠢᠳᠡᠮ ᠬᠡᠷᠡᠭᠯᠡᠬᠦ ᠶᠢ ᠠᠬᠢᠭᠤᠯᠤᠨ᠎ᠠ᠃ ᠪᠥᠬᠦ ᠣᠷᠣᠨ ᠤ ᠨᠡᠶᠢᠳᠡᠮ | ᠬᠡᠷᠡᠭ ᠡᠷᠭᠢᠯᠡᠬᠦ ᠵᠦᠢᠯ ᠤᠨ ᠡᠯᠧᠺᠲᠷᠣᠨ ᠦᠨᠡᠮᠯᠡᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠤ | ᠬᠠᠮᠲᠤ ᠪᠠᠷ ᠭᠥᠷᠳᠡᠵᠦ ᠬᠡᠷᠡᠭᠯᠡᠬᠦ ᠶᠢ ᠢᠳᠡᠪᠬᠢᠲᠡᠶ ᠥᠷᠨᠢᠭᠦᠯᠦᠨ᠎ᠡ᠃ ᠡᠵᠡᠩᠨᠡᠯᠲᠡ ᠶᠢᠨ ᠦᠨᠡᠮᠯᠡᠯ᠂ ᠢᠳᠡᠭᠡᠨ ᠤ | ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠡᠮ ᠤᠨ ᠵᠦᠢᠯ ᠡᠵᠡᠩᠨᠡᠬᠦ ᠵᠥᠪᠰᠢᠶᠡᠷᠡᠯ ᠤᠨ ᠦᠨᠡᠮᠯᠡᠯ | ᠵᠡᠷᠭᠡ ᠪᠦᠬᠦ ᠣᠷᠣᠨ ᠤ ᠨᠡᠶᠢᠳᠡᠮ ᠬᠡᠷᠡᠭ ᠡᠷᠬᠢᠯᠡᠬᠦ ᠲᠦᠷᠦᠯ ᠤᠨ ᠦᠷ᠎ᠡ ᠳ᠋ᠦᠩ ᠤᠨ ᠡᠯᠧᠺᠲᠷᠣᠨ ᠦᠨᠡᠮᠯᠡᠯ ᠢ | ᠳᠡᠯᠭᠡᠷᠡᠭᠦᠯᠦᠨ ᠬᠡᠷᠡᠭᠯᠡᠬᠦ ᠶᠢ ᠶᠡᠬᠡᠪᠡᠷ ᠲᠦᠯᠬᠢᠨ ᠠᠬᠢᠭᠤᠯᠤᠨ᠎ᠠ᠃ | ᠭᠤᠷᠪᠠ ᠳᠤ᠂ ᠵᠠᠰᠠᠭ ᠤᠨ ᠶᠠᠪᠤᠳᠠᠯ ᠤᠨ ᠰᠢᠦᠳᠠᠨ ᠢᠶᠠᠷ ᠬᠦᠷᠭᠡᠬᠦ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠠᠵᠤ | ᠠᠬᠤᠶᠢᠯᠠᠯ ᠪᠠ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠢᠯᠡᠭᠡᠨ ᠬᠦᠷᠭᠡᠬᠦ ᠲᠥᠬᠦᠮ ᠦᠵᠡᠭᠦᠯᠵᠦ᠂ | ᠣᠭ ᠮᠠᠲ᠋ᠧᠷᠢᠶᠠᠯ ᠢ ᠨᠢ ᠠᠪᠬᠤ᠂ ᠣᠨᠳᠣᠤ ᠭᠠᠵᠠᠷ ᠲᠤ ᠦᠨᠡᠮᠯᠡᠯ ᠠᠪᠬᠤ ᠵᠡᠷᠭᠡ ᠭᠦᠢᠴᠡᠳᠭᠡᠯ ᠳᠤ ︽ᠲᠦᠷᠭᠡᠨ | ᠬᠦᠷᠭᠡᠯᠲᠡ︾ ᠪᠠᠷ ︽ᠣᠯᠠᠨ ᠲᠦᠮᠡᠨ ᠤ ᠭᠦᠶᠦᠬᠦ︾ ᠶᠢ ᠤᠷᠤᠯᠠᠭᠤᠯᠤᠨ᠎ᠠ᠃ | ᠳᠥᠷᠪᠡ ᠳᠤ ︽ᠨᠢᠭᠡ ᠤᠴᠢᠷ︾ ᠤᠨ ᠢᠵᠢ ᠪᠦᠷᠢᠨ ᠦᠢᠯᠡᠴᠢᠯᠡᠭᠡ ᠨᠢ ᠪᠥᠬᠦ ᠣᠷᠣᠨ ᠳᠤ ᠨᠡᠶᠢᠳᠡᠮ | ᠭᠦᠢᠴᠡᠳᠬᠡᠬᠦ ᠳᠤ ᠢᠳᠡᠪᠬᠢᠲᠡᠶ ᠬᠠᠮᠵᠢᠯᠴᠠᠨ᠎ᠠ᠃ ᠢᠵᠢ ᠦᠢᠯᠡᠴᠢᠯᠡᠭᠡᠨ ᠤ ᠵᠦᠢᠯᠡᠰ ᠨᠢ ᠠᠵᠢᠯ ᠲᠦᠷᠦᠯ | ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠳᠠᠪᠬᠤᠷᠭ᠎ᠠ | ᠠᠯᠤᠰᠯᠠᠨ ᠪᠦᠬᠦ ᠣᠷᠣᠨ ᠤ ᠨᠡᠶᠢᠳᠡᠮ ᠭᠦᠢᠴᠡᠳᠬᠡᠬᠦ ᠳᠤ ᠦᠢᠯᠡᠴᠢᠯᠡᠨ᠎ᠡ᠃ | ᠣᠳᠣᠬᠠᠨ ᠳᠤ᠂ ᠪᠥᠬᠦ ᠤᠷᠤᠨ ᠤ 210 ᠠᠵᠢᠯ ᠶᠠᠪᠤᠳᠠᠯ ᠭᠦᠢᠴᠡᠳᠭᠡᠬᠦ ᠵᠤᠶᠢᠯᠡᠰ ᠢ ᠡᠮᠬᠢᠯᠡᠵᠦ᠂ ᠭᠦᠢᠴᠡᠳᠭᠡᠬᠦ | ᠴᠣᠩᠬᠤ ᠭᠠᠷᠭᠠᠵᠤ᠂ ᠨᠡᠶᠢᠲᠡ 97 ᠬᠤᠪᠢ ᠠᠵᠢᠯ ᠶᠠᠪᠤᠳᠠᠯ ᠭᠦᠢᠴᠡᠳᠭᠡᠪᠡ᠃ ᠬᠦᠯᠢᠶᠡᠨ ᠠᠪᠴᠤ ᠰᠢᠢᠳᠪᠤᠷᠢᠯᠡᠬᠦ | ᠨᠣᠷᠮ᠎ᠠ᠂ ᠬᠢᠨᠠᠨ ᠵᠥᠪᠰᠢᠶᠡᠷᠡᠵᠦ ᠰᠢᠢᠳᠪᠤᠷᠢᠯᠡᠵᠦ ᠳᠠᠭᠤᠰᠬᠠᠭᠰᠠᠨ ᠨᠣᠷᠮ᠎ᠠ ᠨᠢ ᠴᠥᠮ 100% ᠬᠦᠷᠴᠠᠢ᠃ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ 501 ᠵᠦᠢᠯ ᠲᠣᠬᠢᠷᠠᠭᠤᠯᠪᠠ᠃ | ᠵᠢᠷᠤᠮᠵᠢᠭᠰᠠᠨ ᠨᠢᠭᠡᠳᠦᠯᠲᠡᠶ ︽ᠨᠢᠭᠡ ᠯᠡ ᠤᠳᠠᠭ᠎ᠠ ᠳᠤ ᠭᠦᠢᠴᠡᠳᠭᠡᠬᠦ︾ ᠠᠵᠢᠯᠯᠠᠭᠠᠨ ᠤ ᠭᠠᠷ ᠳᠡᠪᠲᠡᠷ ᠢ ᠡᠮᠬᠢᠯᠡᠨ | ᠪᠦᠷᠢᠯᠳᠦᠭᠦᠯᠪᠡ︔ ︽ᠮᠥᠩᠬᠡ ᠰᠤᠪᠠᠭ︾ APP ᠳᠤ ᠲᠤᠰᠬᠠᠶ ᠲᠣᠭᠤᠷᠢᠭ ᠭᠠᠷᠭᠠᠵᠤ᠂ ᠨᠡᠶᠢᠲᠡ 3 ᠲᠦᠮᠡ | ᠭᠠᠷᠤᠶ ᠬᠤᠪᠢ ᠤᠴᠢᠷ ᠶᠠᠪᠤᠳᠠᠯ ᠢ ᠭᠦᠢᠴᠡᠳᠭᠡᠪᠡ᠃ ᠪᠥᠬᠦ ᠣᠷᠣᠨ ᠳᠤ ᠨᠡᠶᠢᠳᠡᠮ ᠭᠦᠢᠴᠡᠳᠭᠡᠬᠦ᠂ ᠮᠤᠵᠢ | ᠠᠯᠤᠰᠯᠠᠨ ᠨᠡᠶᠢᠳᠡᠮ ᠭᠦᠢᠴᠡᠳᠭᠡᠬᠦ ᠶᠢ ᠢᠳᠡᠪᠬᠢᠲᠡᠶ ᠠᠬᠢᠭᠤᠯᠵᠤ᠂ ᠮᠤᠵᠢ ᠠᠯᠤᠰᠯᠠᠨ ᠨᠡᠶᠢᠳᠡᠮ ᠭᠦᠢᠴᠡᠳᠭᠡᠬᠦ ᠳᠤ | ᠳᠣᠭᠢᠷᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 206 ᠵᠦᠶ᠋ᠯ ᠰᠢᠭᠰᠢᠨ ᠰᠣᠩᠭᠤᠪᠠ᠃ ᠾᠧᠪᠸᠢ | ᠮᠤᠵᠢ ᠶᠢᠨ ᠠᠨ ᠰᠢᠨ᠂ ᠯᠢᠶᠣᠤᠨᠢᠩ ᠤᠨ ᠬᠠᠷᠠᠴᠢᠨ ᠵᠡᠭᠦᠨ ᠬᠤᠰᠢᠭᠤ ᠵᠡᠷᠭᠡ 7 ᠮᠤᠵᠢ ᠶᠢᠨ ᠭᠠᠳᠠᠨᠠᠬᠢ ᠬᠤᠰᠢᠭᠤ | ᠰᠢᠶᠠᠨ ᠲᠠᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠬᠡᠯᠡᠯᠴᠡᠭᠡᠷ ᠲᠣᠭᠲᠠᠵᠤ᠂ 910 ᠵᠦᠢᠯ ᠤᠨ | ᠬᠡᠯᠡᠯᠴᠡᠭᠡᠷ ᠤᠨ ᠪᠦᠳᠦᠭᠦᠪᠴᠢ ᠵᠦᠢᠯᠡᠰ ᠢ ᠬᠠᠮᠲᠤ ᠪᠠᠷ ᠪᠠᠶᠢᠭᠤᠯᠪᠠ᠃ |