| ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠬᠤᠭᠤᠯᠠ ᠤᠮᠳᠠ ᠶᠢᠨ ᠠᠮᠤᠷ | ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ᠰᠤᠷᠭᠠᠭᠤᠯᠢ ᠬᠡᠤᠬᠡᠳ ᠤᠨ | ᠴᠡᠴᠡᠷᠯᠢᠭ ᠤᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃ |  ᠬᠠᠤᠯᠢ ᠬᠡᠷᠡᠭᠵᠢᠭᠦᠯᠬᠦ ᠠᠵᠢᠯᠲᠠᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠤᠭᠤᠯᠠᠨ ᠬᠡᠷ ᠤᠨ ᠠᠵᠢᠯ | ᠡᠷᠭᠢᠯᠡᠭᠰᠡᠳ ᠤᠨ ᠡᠷᠡᠭᠦᠯ ᠮᠡᠨᠳᠦ ᠶᠢᠨ ᠪᠦᠲᠦᠮᠵᠢᠲᠡᠶ ᠭᠡᠷᠡᠴᠢ᠂ ᠢᠳᠡᠭᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠢᠯᠡ ᠨᠡᠶᠢᠲᠡᠯᠡᠭᠰᠡᠨ ᠪᠠᠶᠢᠳᠠᠯ᠂ ᠬᠤᠭᠤᠯᠠᠨ ᠬᠡᠷ ᠤᠨ | ᠳᠣᠲᠣᠭᠠᠳᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠥᠮᠥᠷᠭᠡ ᠶᠢᠨ ᠬᠠᠮᠢᠶᠠᠷᠤᠯᠲᠠ᠂ ᠢᠳᠡᠭᠡᠨ | ᠬᠤᠳᠠᠯᠳᠤᠨ ᠠᠪᠬᠤ ᠵᠢᠴᠢ ᠭᠡᠷᠡᠴᠢ ᠪᠠᠷᠢᠮᠲᠠ ᠫᠢᠶᠣᠣ ᠪᠠᠷᠢᠮᠲᠠ ᠠᠪᠤᠭᠰᠠᠨ ᠪᠠᠶᠢᠳᠠᠯ᠂ ᠢᠳᠡᠭᠡᠨ ᠤᠮᠳᠠᠭᠠᠨ ᠤ | ᠪᠠᠭᠠᠵᠢ ᠬᠡᠷᠡᠭᠰᠡᠯ ᠢ ᠴᠡᠪᠡᠷᠯᠡᠨ ᠠᠷᠢᠭᠤᠳᠬᠠᠬᠤ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠪᠡᠯᠡᠳᠬᠡᠮᠵᠢ | ᠲᠥᠬᠦᠭᠡᠷᠦᠮᠵᠢ ᠶᠢᠨ ᠠᠵᠢᠯᠯᠠᠭᠠᠨ᠂ ︽ᠭᠤᠷᠪᠠ ᠶᠢ ᠰᠡᠷᠭᠡᠶᠢᠯᠡᠬᠦ︾ ᠲᠥᠬᠦᠭᠡᠷᠦᠮᠵᠢ᠂ ᠬᠤᠭᠤᠯᠠᠨ ᠬᠡᠷ ᠤᠨ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠢᠴᠢ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠵᠢᠭᠰᠠᠭᠠᠨ | ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ︾ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠦᠭᠰᠡᠨ ᠵᠡᠷᠭᠡ | ᠪᠠᠶᠢᠳᠠᠯ ᠢ ᠪᠠᠶᠢᠴᠠᠭᠠᠪᠠ᠃ ᠡᠭᠦᠨ ᠤ ᠬᠠᠮᠲᠤ᠂ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠰᠢᠮᠳᠠᠭᠤᠯᠵᠤ ᠪᠠᠶᠢᠭᠠᠳ | ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠢᠯ | ᠡᠷᠭᠢᠯᠡᠭᠰᠡᠳ ᠤᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠡᠬᠢ | ᠡᠭᠦᠰᠦᠯ ᠠᠴᠠ ᠨᠢ ᠴᠢᠩᠭ᠎ᠠ ᠰᠡᠷᠭᠡᠶᠢᠯᠡᠨ᠂ ᠶᠠᠪᠤᠴᠠ ᠶᠢ ᠴᠢᠩᠭ᠎ᠠ ᠬᠠᠮᠢᠶᠠᠷᠴᠤ᠂ ᠲᠦᠭᠰᠢᠭᠦᠷᠢ ᠶᠢ ᠴᠢᠩᠭ᠎ᠠ | ᠡᠵᠡᠮᠳᠡᠵᠦ᠂ ᠬᠤᠭᠤᠯᠠᠨ ᠬᠡᠷ ᠤᠨ ᠬᠠᠮᠢᠶᠠᠷᠤᠯᠲᠠ ᠶᠢ ᠴᠢᠩᠳᠠᠯᠠᠬᠤ᠂ ᠵᠢᠷᠤᠮᠵᠢᠭᠤᠯᠬᠤ᠂ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ |  ᠣᠲᠣ ᠪᠣᠯᠲᠠᠯ᠎ᠠ᠂ ᠬᠠᠮᠢᠶ᠎ᠠ ᠪᠥᠬᠦᠶ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 42 ᠪᠠᠶᠢᠴᠠᠭᠠᠵᠤ᠂ ︽ | ᠲᠥᠪᠯᠡᠷᠡᠭᠦᠯᠦᠨ ᠬᠤᠭᠤᠯᠠᠯᠠᠬᠤ ᠨᠢᠭᠡᠴᠡ ᠶᠢᠨ ᠰᠠᠨᠠᠭᠤᠯᠤᠭᠰᠠᠨ ᠴᠡᠭᠡᠷᠯᠡᠬᠦ ᠪᠢᠴᠢᠭ︾ ᠢ 300 ᠭᠠᠷᠤᠶ ᠬᠤᠪᠢ | ᠲᠠᠷᠬᠠᠭᠠᠵᠤ᠂ ᠬᠤᠯᠪᠣᠭᠳᠠᠯ ᠪᠥᠬᠦᠶ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠦᠷ ᠣᠯᠵᠤ | ᠮᠡᠳᠡᠭᠰᠡᠨ ᠥᠬᠡᠶ᠃ ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠰᠤᠷᠭᠠᠭᠤᠯᠢ᠂ ᠬᠡᠤᠬᠡᠳ ᠤᠨ | ᠴᠡᠴᠡᠷᠯᠢᠭ ᠤᠨ ᠬᠤᠭᠤᠯᠠᠨ ᠬᠡᠷ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠪᠠ ᠢᠳᠡᠭᠡᠨ ᠤ ᠠᠮᠤᠷ ᠲᠦᠪᠰᠢᠨ ᠤ | ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ | ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ | ᠢᠳᠡᠭᠡᠨ ᠤ ᠠᠮᠤᠷ ᠲᠦᠪᠰᠢᠨ ᠢ ᠬᠠᠮᠠᠭᠠᠯᠠᠨ᠎ᠠ᠃ | |