| | | | | | | ᠨᠢᠭᠡ ᠳᠤ ᠭᠤᠣᠯᠳᠠᠯᠭ᠎ᠠ ᠲᠠᠢ ᠡᠭᠦᠷᠭᠡ ᠶᠢ ᠲᠤᠳᠤᠷᠬᠠᠶᠢᠯᠠᠪᠠ᠃ ︽ᠪᠦᠬᠦ ᠣᠷᠣᠨ ᠳᠤ ᠨᠡᠶᠢᠳᠡᠮ ᠭᠦᠢᠴᠡᠳᠭᠡᠬᠦ | ︾ ᠵᠦᠢᠯᠡᠰ ᠢ ᠳᠠᠭᠠᠭᠠᠨ ᠠᠪᠴᠤ᠂ ᠦᠢᠯᠡᠴᠢᠯᠡᠭᠡᠨ ᠤ ᠵᠦᠭᠯᠡᠭᠦᠷ ᠢ ᠡᠮᠬᠢᠯᠡᠨ᠂ ᠭᠦᠢᠴᠡᠳᠭᠡᠬᠦ ᠲᠣᠭᠲᠠᠴᠠ ᠶᠢ | ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠳᠠᠬᠢᠨ ᠵᠢᠭᠰᠠᠭᠠᠨ ᠪᠠᠶᠢᠴᠠᠭᠠᠵᠤ᠂ ᠳᠠᠬᠢᠨ | ᠰᠢᠯᠢᠳᠡᠭᠵᠢᠭᠦᠯᠬᠦ ᠶᠢ ᠥᠷᠨᠢᠭᠦᠯᠦᠨ᠎ᠡ᠃ ᠠᠵᠢᠯ ᠶᠠᠪᠤᠳᠠᠯ ᠭᠦᠢᠴᠡᠳᠭᠡᠬᠦ ᠡᠬᠡ ᠲᠠᠩᠰᠠ ᠶᠢ ᠪᠠᠶᠢᠭᠤᠯᠵᠤ᠂ ᠠᠵᠢᠯ | ᠶᠠᠪᠤᠳᠠᠯ ᠭᠦᠢᠴᠡᠳᠭᠡᠬᠦ ᠪᠦᠷᠢᠳᠬᠡᠯ ᠢ ᠰᠠᠶᠢᠲᠤᠷ ᠬᠢᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠳ᠋ᠦᠩᠨᠡᠨ᠂ ᠭᠡᠷᠡᠴᠢ | ᠮᠠᠲ᠋ᠧᠷᠢᠶᠠᠯ ᠴᠤᠭᠯᠠᠭᠤᠯᠵᠤ᠂ ︽ᠪᠥᠬᠦ ᠣᠷᠣᠨ ᠤ ᠨᠡᠶᠢᠳᠡᠮ ᠭᠦᠢᠴᠡᠳᠭᠡᠬᠦ︾ ᠭᠦᠢᠴᠡᠳᠬᠡᠯ ᠲᠤᠭ᠎ᠠ ᠳᠤ ᠬᠡᠷᠡᠭ ᠤᠨ | ᠵᠢᠱᠢᠶ᠎ᠡ ᠲᠠᠢ᠂ ᠭᠡᠷᠡᠴᠢᠯᠡᠯ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠡᠯᠧᠺᠲᠷᠣᠨ ᠦᠨᠡᠮᠯᠡᠯ ᠢ | ᠨᠡᠶᠢᠳᠡᠮ ᠬᠡᠷᠡᠭᠯᠡᠬᠦ ᠶᠢ ᠠᠬᠢᠭᠤᠯᠤᠨ᠎ᠠ᠃ ᠪᠥᠬᠦ ᠣᠷᠣᠨ ᠤ ᠨᠡᠶᠢᠳᠡᠮ ᠬᠡᠷᠡᠭ ᠡᠷᠭᠢᠯᠡᠬᠦ ᠵᠦᠢᠯ ᠤᠨ ᠡᠯᠧᠺᠲᠷᠣᠨ | ᠦᠨᠡᠮᠯᠡᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠤ ᠬᠠᠮᠲᠤ ᠪᠠᠷ ᠭᠥᠷᠳᠡᠵᠦ ᠬᠡᠷᠡᠭᠯᠡᠬᠦ ᠶᠢ | ᠢᠳᠡᠪᠬᠢᠲᠡᠶ ᠥᠷᠨᠢᠭᠦᠯᠦᠨ᠎ᠡ᠃ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠵᠦᠢᠯ ᠤᠨ ᠡᠵᠡᠩᠨᠡᠯᠲᠡ ᠶᠢᠨ | ᠵᠥᠪᠰᠢᠶᠡᠷᠡᠯ ᠤᠨ ᠦᠨᠡᠮᠯᠡᠯ᠂ ᠡᠮ ᠤᠨ ᠵᠦᠢᠯ ᠡᠵᠡᠩᠨᠡᠬᠦ ᠵᠥᠪᠰᠢᠶᠡᠷᠡᠯ ᠤᠨ ᠦᠨᠡᠮᠯᠡᠯ ᠵᠡᠷᠭᠡ ᠪᠦᠬᠦ ᠣᠷᠣᠨ ᠤ | ᠨᠡᠶᠢᠳᠡᠮ ᠬᠡᠷᠡᠭ ᠡᠷᠬᠢᠯᠡᠬᠦ ᠲᠦᠷᠦᠯ ᠤᠨ ᠦᠷ᠎ᠡ ᠳ᠋ᠦᠩ ᠤᠨ ᠡᠯᠧᠺᠲᠷᠣᠨ ᠦᠨᠡᠮᠯᠡᠯ ᠢ ᠳᠡᠯᠭᠡᠷᠡᠭᠦᠯᠦᠨ ᠬᠡᠷᠡᠭᠯᠡᠬᠦ ᠶᠢ | ᠶᠡᠬᠡᠪᠡᠷ ᠲᠦᠯᠬᠢᠨ ᠠᠬᠢᠭᠤᠯᠤᠨ᠎ᠠ᠃ ᠭᠤᠷᠪᠠ ᠳᠤ᠂ ᠵᠠᠰᠠᠭ ᠤᠨ ᠶᠠᠪᠤᠳᠠᠯ ᠤᠨ ᠰᠢᠦᠳᠠᠨ ᠢᠶᠠᠷ ᠬᠦᠷᠭᠡᠬᠦ | ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠪᠠ ᠠᠵᠢᠯ ᠶᠠᠪᠤᠳᠠᠯ ᠭᠦᠢᠴᠡᠳᠭᠡᠬᠦ ᠣᠯᠠᠨ | ᠲᠦᠮᠡᠨ ᠳᠤ ᠢᠯᠡᠭᠡᠨ ᠬᠦᠷᠭᠡᠬᠦ ᠲᠥᠬᠦᠮ ᠦᠵᠡᠭᠦᠯᠵᠦ᠂ ᠣᠭ ᠮᠠᠲ᠋ᠧᠷᠢᠶᠠᠯ ᠢ ᠨᠢ ᠠᠪᠬᠤ᠂ ᠣᠨᠳᠣᠤ ᠭᠠᠵᠠᠷ ᠲᠤ | ᠦᠨᠡᠮᠯᠡᠯ ᠠᠪᠬᠤ ᠵᠡᠷᠭᠡ ᠭᠦᠢᠴᠡᠳᠭᠡᠯ ᠳᠤ ︽ᠲᠦᠷᠭᠡᠨ ᠬᠦᠷᠭᠡᠯᠲᠡ︾ ᠪᠠᠷ ︽ᠣᠯᠠᠨ ᠲᠦᠮᠡᠨ ᠤ ᠭᠦᠶᠦᠬᠦ︾ ᠶᠢ | ᠤᠷᠤᠯᠠᠭᠤᠯᠤᠨ᠎ᠠ᠃ ᠳᠥᠷᠪᠡ ᠳᠤ ︽ᠨᠢᠭᠡ ᠤᠴᠢᠷ︾ ᠤᠨ ᠢᠵᠢ ᠪᠦᠷᠢᠨ ᠦᠢᠯᠡᠴᠢᠯᠡᠭᠡ ᠨᠢ ᠪᠥᠬᠦ ᠣᠷᠣᠨ ᠳᠤ | ᠨᠡᠶᠢᠳᠡᠮ ᠭᠦᠢᠴᠡᠳᠬᠡᠬᠦ ᠳᠤ ᠢᠳᠡᠪᠬᠢᠲᠡᠶ ᠬᠠᠮᠵᠢᠯᠴᠠᠨ᠎ᠠ᠃ ᠢᠵᠢ ᠦᠢᠯᠡᠴᠢᠯᠡᠭᠡᠨ ᠤ ᠵᠦᠢᠯᠡᠰ ᠨᠢ ᠠᠵᠢᠯ ᠲᠦᠷᠦᠯ | ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠳᠠᠪᠬᠤᠷᠭ᠎ᠠ | ᠠᠯᠤᠰᠯᠠᠨ ᠪᠦᠬᠦ ᠣᠷᠣᠨ ᠤ ᠨᠡᠶᠢᠳᠡᠮ ᠭᠦᠢᠴᠡᠳᠬᠡᠬᠦ ᠳᠤ ᠦᠢᠯᠡᠴᠢᠯᠡᠨ᠎ᠡ᠃ ᠣᠳᠣᠬᠠᠨ ᠳᠤ᠂ ᠪᠥᠬᠦ ᠤᠷᠤᠨ ᠤ | 210 ᠠᠵᠢᠯ ᠶᠠᠪᠤᠳᠠᠯ ᠭᠦᠢᠴᠡᠳᠭᠡᠬᠦ ᠵᠤᠶᠢᠯᠡᠰ ᠢ ᠡᠮᠬᠢᠯᠡᠵᠦ᠂ ᠭᠦᠢᠴᠡᠳᠭᠡᠬᠦ ᠴᠣᠩᠬᠤ ᠭᠠᠷᠭᠠᠵᠤ᠂ ᠨᠡᠶᠢᠲᠡ 97 | ᠬᠤᠪᠢ ᠠᠵᠢᠯ ᠶᠠᠪᠤᠳᠠᠯ ᠭᠦᠢᠴᠡᠳᠭᠡᠪᠡ᠃ ᠬᠦᠯᠢᠶᠡᠨ ᠠᠪᠴᠤ ᠰᠢᠢᠳᠪᠤᠷᠢᠯᠡᠬᠦ ᠨᠣᠷᠮ᠎ᠠ᠂ ᠬᠢᠨᠠᠨ ᠵᠥᠪᠰᠢᠶᠡᠷᠡᠵᠦ | ᠰᠢᠢᠳᠪᠤᠷᠢᠯᠡᠵᠦ ᠳᠠᠭᠤᠰᠬᠠᠭᠰᠠᠨ ᠨᠣᠷᠮ᠎ᠠ ᠨᠢ ᠴᠥᠮ 100% ᠬᠦᠷᠴᠠᠢ᠃ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ 501 ᠵᠦᠢᠯ ᠲᠣᠬᠢᠷᠠᠭᠤᠯᠪᠠ᠃ ᠵᠢᠷᠤᠮᠵᠢᠭᠰᠠᠨ | ᠨᠢᠭᠡᠳᠦᠯᠲᠡᠶ ︽ᠨᠢᠭᠡ ᠯᠡ ᠤᠳᠠᠭ᠎ᠠ ᠳᠤ ᠭᠦᠢᠴᠡᠳᠭᠡᠬᠦ︾ ᠠᠵᠢᠯᠯᠠᠭᠠᠨ ᠤ ᠭᠠᠷ ᠳᠡᠪᠲᠡᠷ ᠢ ᠡᠮᠬᠢᠯᠡᠨ | ᠪᠦᠷᠢᠯᠳᠦᠭᠦᠯᠪᠡ︔ ︽ᠮᠥᠩᠬᠡ ᠰᠤᠪᠠᠭ︾ APP ᠳᠤ ᠲᠤᠰᠬᠠᠶ ᠲᠣᠭᠤᠷᠢᠭ ᠭᠠᠷᠭᠠᠵᠤ᠂ ᠨᠡᠶᠢᠲᠡ 3 ᠲᠦᠮᠡ | ᠭᠠᠷᠤᠶ ᠬᠤᠪᠢ ᠤᠴᠢᠷ ᠶᠠᠪᠤᠳᠠᠯ ᠢ ᠭᠦᠢᠴᠡᠳᠭᠡᠪᠡ᠃ ᠪᠥᠬᠦ ᠣᠷᠣᠨ ᠳᠤ ᠨᠡᠶᠢᠳᠡᠮ ᠭᠦᠢᠴᠡᠳᠭᠡᠬᠦ᠂ ᠮᠤᠵᠢ | ᠠᠯᠤᠰᠯᠠᠨ ᠨᠡᠶᠢᠳᠡᠮ ᠭᠦᠢᠴᠡᠳᠭᠡᠬᠦ ᠶᠢ ᠢᠳᠡᠪᠬᠢᠲᠡᠶ ᠠᠬᠢᠭᠤᠯᠵᠤ᠂ ᠮᠤᠵᠢ ᠠᠯᠤᠰᠯᠠᠨ ᠨᠡᠶᠢᠳᠡᠮ ᠭᠦᠢᠴᠡᠳᠭᠡᠬᠦ ᠳᠤ | ᠳᠣᠭᠢᠷᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 206 ᠵᠦᠶ᠋ᠯ ᠰᠢᠭᠰᠢᠨ ᠰᠣᠩᠭᠤᠪᠠ᠃ ᠾᠧᠪᠸᠢ | ᠮᠤᠵᠢ ᠶᠢᠨ ᠠᠨ ᠰᠢᠨ᠂ ᠯᠢᠶᠣᠤᠨᠢᠩ ᠤᠨ ᠬᠠᠷᠠᠴᠢᠨ ᠵᠡᠭᠦᠨ ᠬᠤᠰᠢᠭᠤ ᠵᠡᠷᠭᠡ 7 ᠮᠤᠵᠢ ᠶᠢᠨ ᠭᠠᠳᠠᠨᠠᠬᠢ ᠬᠤᠰᠢᠭᠤ | ᠰᠢᠶᠠᠨ ᠲᠠᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠬᠡᠯᠡᠯᠴᠡᠭᠡᠷ ᠲᠣᠭᠲᠠᠵᠤ᠂ 910 ᠵᠦᠢᠯ ᠤᠨ | ᠬᠡᠯᠡᠯᠴᠡᠭᠡᠷ ᠤᠨ ᠪᠦᠳᠦᠭᠦᠪᠴᠢ ᠵᠦᠢᠯᠡᠰ ᠢ ᠬᠠᠮᠲᠤ ᠪᠠᠷ ᠪᠠᠶᠢᠭᠤᠯᠪᠠ᠃ | |