ᠨᠢᠩᠴᠧᠩ ᠰᠢᠶᠠᠨ ᠰᠤᠷᠭᠠᠭᠤᠯᠢ ᠬᠡᠤᠬᠡᠳ ᠤᠨ ᠴᠡᠴᠡᠷᠯᠢᠭ ᠤᠨ ᠬᠤᠭᠤᠯᠠᠨ ᠬᠡᠷ ᠲᠤ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/10/15
   ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠬᠤᠭᠤᠯᠠ ᠤᠮᠳᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ᠰᠤᠷᠭᠠᠭᠤᠯᠢ ᠬᠡᠤᠬᠡᠳ ᠤᠨ ᠴᠡᠴᠡᠷᠯᠢᠭ ᠤᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠤᠭᠤᠯᠠᠨ ᠬᠡᠷ ᠤᠨ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠪᠦᠲᠦᠮᠵᠢᠲᠡᠶ ᠭᠡᠷᠡᠴᠢ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠢᠯᠡ ᠨᠡᠶᠢᠲᠡᠯᠡᠭᠰᠡᠨ ᠪᠠᠶᠢᠳᠠᠯ᠂ ᠬᠤᠭᠤᠯᠠᠨ ᠬᠡᠷ ᠤᠨ ᠳᠣᠲᠣᠭᠠᠳᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠥᠮᠥᠷᠭᠡ ᠶᠢᠨ ᠬᠠᠮᠢᠶᠠᠷᠤᠯᠲᠠ᠂ ᠢᠳᠡᠭᠡᠨ ᠬᠤᠳᠠᠯᠳᠤᠨ ᠠᠪᠬᠤ ᠵᠢᠴᠢ ᠭᠡᠷᠡᠴᠢ ᠪᠠᠷᠢᠮᠲᠠ ᠫᠢᠶᠣᠣ ᠪᠠᠷᠢᠮᠲᠠ ᠠᠪᠤᠭᠰᠠᠨ ᠪᠠᠶᠢᠳᠠᠯ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠴᠡᠪᠡᠷᠯᠡᠨ ᠠᠷᠢᠭᠤᠳᠬᠠᠬᠤ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ᠂ ︽ᠭᠤᠷᠪᠠ ᠶᠢ ᠰᠡᠷᠭᠡᠶᠢᠯᠡᠬᠦ︾ ᠲᠥᠬᠦᠭᠡᠷᠦᠮᠵᠢ᠂ ᠬᠤᠭᠤᠯᠠᠨ ᠬᠡᠷ ᠤᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠢᠴᠢ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠵᠢᠭᠰᠠᠭᠠᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ︾ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ ᠪᠠᠶᠢᠴᠠᠭᠠᠪᠠ᠃ ᠡᠭᠦᠨ ᠤ ᠬᠠᠮᠲᠤ᠂ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠰᠢᠮᠳᠠᠭᠤᠯᠵᠤ ᠪᠠᠶᠢᠭᠠᠳ ᠡᠯ᠎ᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠢᠯ ᠡᠷᠭᠢᠯᠡᠭᠰᠡᠳ ᠤᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠨ᠂ ᠶᠠᠪᠤᠴᠠ ᠶᠢ ᠴᠢᠩᠭ᠎ᠠ ᠬᠠᠮᠢᠶᠠᠷᠴᠤ᠂ ᠲᠦᠭᠰᠢᠭᠦᠷᠢ ᠶᠢ ᠴᠢᠩᠭ᠎ᠠ ᠡᠵᠡᠮᠳᠡᠵᠦ᠂ ᠬᠤᠭᠤᠯᠠᠨ ᠬᠡᠷ ᠤᠨ ᠬᠠᠮᠢᠶᠠᠷᠤᠯᠲᠠ ᠶᠢ ᠴᠢᠩᠳᠠᠯᠠᠬᠤ᠂ ᠵᠢᠷᠤᠮᠵᠢᠭᠤᠯᠬᠤ᠂ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃    ᠣᠲᠣ ᠪᠣᠯᠲᠠᠯ᠎ᠠ᠂ ᠬᠠᠮᠢᠶ᠎ᠠ ᠪᠥᠬᠦᠶ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 42 ᠪᠠᠶᠢᠴᠠᠭᠠᠵᠤ᠂ ︽ᠲᠥᠪᠯᠡᠷᠡᠭᠦᠯᠦᠨ ᠬᠤᠭᠤᠯᠠᠯᠠᠬᠤ ᠨᠢᠭᠡᠴᠡ ᠶᠢᠨ ᠰᠠᠨᠠᠭᠤᠯᠤᠭᠰᠠᠨ ᠴᠡᠭᠡᠷᠯᠡᠬᠦ ᠪᠢᠴᠢᠭ︾ ᠢ 300 ᠭᠠᠷᠤᠶ ᠬᠤᠪᠢ ᠲᠠᠷᠬᠠᠭᠠᠵᠤ᠂ ᠬᠤᠯᠪᠣᠭᠳᠠᠯ ᠪᠥᠬᠦᠶ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠦᠷ ᠣᠯᠵᠤ ᠮᠡᠳᠡᠭᠰᠡᠨ ᠥᠬᠡᠶ᠃ ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠤᠭᠤᠯᠠᠨ ᠬᠡᠷ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠪᠠ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠢ ᠬᠠᠮᠠᠭᠠᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号