ᠨᠢᠩᠴᠧᠩ ᠰᠢᠶᠠᠨ ᠬᠥᠳᠡᠭᠡ ᠲᠣᠰᠬᠤᠨ ᠤ ᠵᠠᠰᠠᠮᠠᠯ ᠵᠠᠮ ᠢ ᠵᠠᠰᠠᠨ ᠰᠠᠶᠢᠵᠢᠷᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠵᠣᠯ ᠵᠢᠷᠭᠠᠯ ᠤᠨ ᠵᠠᠮ︾ ᠢ ᠲᠡᠪᠢᠰᠦᠨ᠎ᠡ
ᠨᠡᠶᠢᠲᠡᠯᠡᠭᠰᠡᠨ ᠴᠠᠭ᠄
2024/10/16
     ᠤᠶᠢᠷ᠎ᠠ ᠳᠤ᠂ ᠨᠢᠩᠴᠧᠩ ᠰᠢᠶᠠᠨ ᠤ ᠬᠥᠳᠡᠭᠡ ᠲᠤᠰᠬᠤᠨ ᠤ ᠵᠠᠰᠠᠮᠠᠯ ᠵᠠᠮ ᠤᠨ ᠨᠢᠭᠡᠳᠦᠭᠡᠷ ᠪᠦᠯᠦᠭ ᠠᠷᠠᠴᠢᠯᠠᠨ ᠬᠠᠮᠠᠭᠠᠯᠠᠬᠤ ᠪᠠᠷᠢᠯᠭ᠎ᠠ ᠣᠳᠣ ᠨᠢᠭᠡᠨᠲᠡ ᠳᠠᠭᠤᠰᠴᠤ᠂ ᠬᠥᠳᠡᠭᠡ ᠲᠤᠰᠬᠤᠨ ᠤ ᠣᠯᠠᠨ ᠲᠦᠮᠡᠨ ᠤ ᠶᠠᠪᠤᠵᠤ ᠰᠠᠭᠤᠬᠤ ᠳᠤ ᠮᠠᠰᠢ ᠳᠥᠭᠦᠮ ᠪᠣᠯᠵᠤ᠂ ᠬᠥᠳᠡᠭᠡ ᠲᠤᠰᠬᠤᠨ ᠤ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠪᠠ᠃ ᠨᠢᠭᠡᠳᠦᠭᠡᠷ ᠪᠦᠯᠦᠭ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ 2024 ᠣᠨ ᠤ 9 ᠰᠠᠷ᠎ᠠ ᠳᠤ  ᠡᠬᠢᠯᠡᠭᠦᠯᠵᠦ᠂ ᠠᠷᠠᠴᠢᠯᠠᠨ ᠬᠠᠮᠠᠭᠠᠯᠠᠬᠤ ᠢᠨᠵᠧᠨᠧᠷᠢᠩ ᠨᠢ ᠣᠯᠠᠨ ᠰᠢᠶᠠᠩ ᠪᠠᠯᠭᠠᠰᠤ ᠶᠢ ᠬᠠᠮᠤᠷᠴᠤ᠂ 54 ᠺᠢᠯᠤᠮᠧᠲᠷ ᠵᠠᠮ ᠢ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠪᠡ᠃ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 1520 ᠲᠦᠮᠡᠨ ᠲᠥᠭᠦᠷᠢᠭ ᠲᠤ ᠬᠦᠷᠴᠦ᠂ ᠰᠢᠶᠠᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠪᠣᠯᠤᠨ ᠲᠡᠭᠡᠭᠡᠪᠦᠷᠢ ᠶᠢᠨ ᠪᠠᠲᠤᠯᠠᠭ᠎ᠠ ᠶᠢᠨ ᠲᠥᠪ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡ ᠰᠠᠷ᠎ᠠ ᠶᠢᠨ ᠪᠠᠴᠢᠮ ᠶᠠᠭᠠᠷᠠᠯᠲᠠᠢ ᠪᠠᠷᠢᠯᠭ᠎ᠠ ᠶᠢ ᠥᠩᠭᠡᠷᠡᠭᠦᠯᠦᠭᠡᠳ ᠡᠴᠦᠰ ᠲᠡᠭᠡᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠠᠵᠢᠯ ᠳᠠᠭᠤᠰᠬᠤ ᠶᠢ ᠳᠠᠭᠠᠯᠳᠤᠨ᠂ ᠨᠢᠩᠴᠧᠩ ᠰᠢᠶᠠᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠳᠦᠷᠰᠦ ᠪᠠᠶᠢᠳᠠᠯ ᠰᠢᠨᠡᠳᠴᠦ᠂ ᠵᠠᠮ ᠤᠨ ᠭᠠᠳᠠᠷᠭᠤ ᠶᠡᠬᠡᠪᠡᠷ ᠲᠡᠭᠰᠢᠷᠡᠵᠦ᠂ ᠠᠮᠤᠷ ᠲᠦᠪᠰᠢᠨ ᠢᠯᠡᠳᠲᠡ ᠳᠡᠭᠡᠭᠰᠢᠯᠡᠪᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠭᠠᠳᠠᠭᠰᠢ ᠭᠠᠷᠬᠤ ᠨᠥᠬᠦᠴᠡᠯ ᠤᠨ ᠰᠠᠶᠢᠵᠢᠷᠠᠯᠲᠠ ᠨᠢ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠳᠤ ᠲᠥᠬᠦᠮ ᠦᠵᠡᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠢᠮᠠᠭᠲᠠ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠪᠠᠰᠠ ᠠᠷᠠᠴᠢᠯᠠᠨ ᠬᠠᠮᠠᠭᠠᠯᠠᠬᠤ ᠵᠠᠭᠪᠤᠷ ᠪᠣᠯᠤᠨ ᠮᠡᠷᠭᠡᠵᠢᠯ ᠤᠨ ᠠᠷᠭ᠎ᠠ ᠪᠠᠷᠢᠯ ᠤᠨ ᠰᠢᠨ᠎ᠡ ᠶᠢ ᠡᠭᠦᠳᠬᠦ ᠶᠢ ᠢᠳᠡᠪᠬᠢᠲᠡᠢ ᠰᠦᠪᠡᠭᠴᠢᠯᠡᠵᠦ᠂ ᠠᠷᠠᠴᠢᠯᠠᠨ ᠬᠠᠮᠠᠭᠠᠯᠠᠬᠤ ᠦᠷ᠎ᠡ ᠪᠦᠲᠦᠮᠵᠢ ᠪᠣᠯᠤᠨ ᠶᠠᠰᠤ ᠴᠢᠨᠠᠷ ᠤᠨ ᠲᠦᠪᠰᠢᠨ ᠢ ᠳᠡᠭᠡᠭᠰᠢᠯᠡᠭᠦᠯᠵᠦ᠂ ᠲᠠᠷᠢᠶᠠᠴᠢᠨ ᠲᠦᠮᠡᠨ ᠳᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠵᠠᠮ ᠬᠠᠷᠢᠯᠴᠠᠭᠠᠨ ᠤ ᠦᠢᠯᠡᠴᠢᠯᠡᠭᠡ ᠬᠠᠩᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号