| ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ︽ ᠪᠠᠭ᠎ᠠ ᠬᠦᠴᠦᠨ︾ ᠤ | ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠲᠥᠰᠦᠯ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠲᠠᠩᠰᠠ | ᠡᠪᠬᠡᠮᠡᠯ ᠤᠨ ᠠᠵᠢᠯ ᠤᠨ ᠵᠢᠷᠤᠮᠵᠢᠯ ᠥᠬᠡᠶ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ | ᠬᠦᠴᠦᠲᠡᠶ ᠳᠥᠯᠭᠢᠨ ᠠᠬᠢᠭᠤᠯᠵᠤ᠂ ᠦᠨᠳᠦᠰᠦᠨ ᠱᠠᠲᠤᠨ ᠤ ᠲᠠᠩᠰᠠ ᠡᠪᠬᠡᠮᠡᠯ ᠤᠨ ᠠᠵᠢᠯ ᠤᠨ ᠵᠢᠷᠤᠮᠵᠢᠭᠰᠠᠨ᠂ | ᠰᠢᠨᠵᠢᠯᠡᠬᠦ ᠤᠬᠠᠭᠠᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ | ᠂ ᠨᠢᠩᠴᠧᠩ ᠰᠢᠶᠠᠨ ᠠᠴᠠ ᠨᠢᠩᠴᠧᠩ ᠰᠢᠶᠠᠨ ᠤ ᠲᠡᠮᠤᠷ ᠵᠠᠮ ᠤᠨ ᠵᠡᠭᠦᠨᠲᠡᠬᠢ ᠵᠡᠭᠡᠯᠢ ᠭᠤᠳᠤᠮᠵᠢ ᠶᠢᠨ ᠯᠤᠤᠬ᠎ᠠ ᠶᠢᠨ | ᠭᠤᠣᠯ ᠨᠡᠶᠢᠭᠡᠮ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ ᠳᠠᠩᠰᠠ ᠡᠪᠬᠡᠮᠡᠯ ᠤᠨ | ᠪᠠᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ ᠪᠣᠯᠭᠠᠪᠠ᠃ ᠣᠶᠢᠷ᠎ᠠ ᠳᠤ᠂ ᠨᠢᠩᠴᠧᠩ ᠰᠢᠶᠠᠨ ᠥᠪᠡᠷᠲᠡᠭᠡᠨ ᠵᠠᠰᠠᠬᠤ | ᠣᠷᠣᠨ᠂ ᠤᠯᠠᠭᠠᠨᠬᠠᠳᠠ ᠬᠤᠲᠠ ᠶᠢᠨ ᠲᠠᠩᠰᠠ ᠡᠪᠬᠡᠮᠡᠯ ᠤᠨ ᠰᠠᠯᠠᠭ᠎ᠠ ᠮᠥᠴᠢᠷ ᠲᠠᠢ ᠬᠠᠮᠵᠢᠯᠴᠠᠨ ︽ᠨᠡᠶᠢᠭᠡᠮ | ᠲᠣᠭᠤᠷᠢᠭ ᠤᠨ ᠲᠠᠩᠰᠠ ᠡᠪᠬᠡᠮᠡᠯ ᠢ ᠵᠢᠷᠤᠮᠵᠢᠭᠤᠯᠬᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠵᠢᠭᠠᠨ | ᠰᠤᠷᠭᠠᠯᠲᠠ ᠶᠢᠨ ᠹᠢᠯᠢᠮ︾ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠰᠡᠭᠦᠳᠡᠷᠯᠡᠵᠦ᠂ ᠲᠡᠭᠦᠨ ᠤ ᠨᠡᠶᠢᠲᠡᠯᠢᠭ | ᠲᠤᠷᠰᠢᠯᠭ᠎ᠠ ᠠᠷᠭ᠎ᠠ ᠬᠢᠳᠡᠯ ᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠳᠡᠯᠭᠡᠷᠡᠭᠦᠯᠪᠡ᠃ ︽ᠨᠡᠶᠢᠭᠡᠮ | ᠲᠣᠭᠤᠷᠢᠭ ᠤᠨ ᠲᠠᠩᠰᠠ ᠡᠪᠬᠡᠮᠡᠯ ᠤᠨ ᠵᠢᠷᠤᠮᠵᠢᠭᠰᠠᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠵᠢᠭᠠᠨ | ᠰᠤᠷᠭᠠᠯᠲᠠ ᠶᠢᠨ ᠹᠢᠯᠢᠮ︾ ︽ᠲᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠲᠦᠷᠢᠮ︾ ︽ᠬᠤᠲᠠ ᠶᠢᠨ | ᠨᠡᠶᠢᠭᠡᠮ ᠲᠣᠭᠤᠷᠢᠭ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠲᠣᠭᠤᠷᠢᠨ ᠳᠤ᠂ ᠨᠡᠶᠢᠭᠡᠮ ᠲᠣᠭᠤᠷᠢᠭ ᠤᠨ ᠲᠠᠩᠰᠠ | ᠡᠪᠬᠡᠮᠡᠯ ᠤᠨ ᠵᠢᠷᠤᠮᠵᠢᠭᠰᠠᠨ ᠪᠠᠶᠢᠭᠤᠯᠤᠯᠲᠠ ᠪᠠᠷ ᠭᠠᠷᠳᠠᠨ ᠬᠢᠬᠦ ᠴᠡᠭ ᠪᠣᠯᠭᠠᠵᠤ᠂ ᠬᠡᠷᠡᠭ ᠤᠨ ᠵᠢᠱᠢᠶ᠎ᠡ ᠶᠢᠨ ᠪᠣᠳᠠᠲᠤ | ᠲᠡᠮᠳᠡᠭᠯᠡᠯ᠂ ᠵᠠᠳᠠᠯᠤᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠦᠨᠳᠦᠰᠦᠨ ᠱᠠᠲᠤᠨ ᠤ ᠬᠡᠷᠡᠭᠴᠡᠭᠡ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠦᠪ ᠰᠣᠩᠭᠤᠬᠤ ᠲᠥᠰᠦᠪᠯᠡᠯ ᠢᠶᠠᠨ ᠴᠢᠩᠭᠠᠳᠬᠠᠨ᠂ | ᠵᠢᠱᠢᠶ᠎ᠡ ᠦᠵᠡᠭᠦᠯᠬᠦ ᠵᠢᠭᠠᠨ ᠰᠤᠷᠭᠠᠯᠲᠠ ᠶᠢᠨ ᠬᠡᠰᠡᠭ ᠤᠨ ᠠᠭᠤᠯᠭ᠎ᠠ ᠶᠢᠨ ᠨᠠᠷᠢᠨ ᠪᠣᠳᠠᠲᠠᠶ᠂ ᠴᠢᠩᠭ᠎ᠠ ᠨᠢᠮᠪᠠᠶ | ᠪᠥᠭᠡᠳ ᠪᠦᠷᠢᠨ ᠲᠡᠭᠦᠯᠳᠡᠷ ᠪᠠᠶᠢᠬᠤ ᠶᠢ ᠪᠠᠲᠤᠯᠠᠵᠤ᠂ ᠨᠡᠶᠢᠭᠡᠮ ᠲᠣᠭᠤᠷᠢᠭ ᠤᠨ ᠲᠠᠩᠰᠠ ᠡᠪᠬᠡᠮᠡᠯ ᠤᠨ | ᠬᠠᠮᠢᠶᠠᠷᠤᠯᠲᠠ ᠶᠢᠨ ᠠᠵᠢᠯ ᠤᠨ ᠨᠠᠩ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠠᠬᠢᠭᠤᠯᠪᠠ᠃ | ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠦᠷ᠎ᠡ ᠪᠦᠲᠦᠭᠡᠯ ᠢ ᠰᠤᠷᠭᠠᠨ ᠬᠥᠮᠦᠵᠢᠯ ᠤᠨ ᠹᠢᠯᠢᠮ ᠢᠶᠠᠷ | ᠰᠡᠭᠦᠳᠡᠷᠯᠡᠬᠦ ᠡᠴᠦᠰ ᠤᠨ ᠵᠣᠷᠢᠯᠭ᠎ᠠ ᠪᠣᠯᠭᠠᠵᠤ᠂ ᠰᠤᠷᠴᠤ ᠬᠡᠷᠡᠭᠯᠡᠬᠦ ᠶᠢ ᠬᠤᠪᠢᠷᠠᠭᠤᠯᠬᠤ ᠳᠤᠮᠳᠠ ᠨᠡᠶᠢᠭᠡᠮ | ᠲᠣᠭᠤᠷᠢᠭ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠰᠤᠷᠭᠠᠨ ᠬᠥᠮᠦᠵᠢᠯ ᠤᠨ ᠦᠷ᠎ᠡ | ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠡᠭᠡᠳᠦ ᠱᠠᠲᠤᠨ ᠤ ᠦᠨᠳᠦᠰᠦᠨ ᠱᠠᠲᠤᠨ ᠤ ᠲᠠᠩᠰᠠ | ᠡᠪᠬᠡᠮᠡᠯ ᠤᠨ ᠠᠵᠢᠯ ᠤᠨ ᠵᠢᠷᠤᠮᠵᠢᠯ ᠥᠬᠡᠶ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂ ᠰᠠᠭᠤᠷᠢ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢ ᠴᠢᠩᠭᠠᠳᠬᠠᠨ᠂ | ᠠᠵᠢᠯ ᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ | ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ᠲᠠᠩᠰᠠ ᠡᠪᠬᠡᠮᠡᠯ ᠤᠨ ᠵᠢᠷᠤᠮᠵᠢᠯ ᠥᠬᠡᠶ ᠠᠰᠠᠭᠤᠳᠠᠯ ᠢ | ᠴᠡᠭᠴᠡᠯᠡᠨ ᠵᠠᠰᠠᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ |