ᠮᠠᠩᠨᠤᠳ ᠪᠠᠯᠭᠠᠰᠤ ᠬᠦᠴᠦᠨ ᠢᠶᠠᠨ ᠲᠥᠪᠯᠡᠷᠡᠭᠦᠯᠦᠨ ᠨᠠᠪᠴᠢᠨ ᠲᠠᠮᠠᠬᠢᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠪᠠ
ᠨᠡᠶᠢᠲᠡᠯᠡᠭᠰᠡᠨ ᠴᠠᠭ᠄
2024/10/17
    ᠨᠢᠭᠡ ᠳᠤ᠂ ᠲᠣᠰᠬᠤᠨ ᠤ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠦᠢᠯᠡᠰ ᠢ ᠣᠨᠴᠠᠯᠢᠭ ᠲᠠᠢ ᠪᠤᠯᠭᠠᠪᠠ᠃ ᠤᠢᠢᠷ᠎ᠠ ᠶᠢᠨ ᠵᠢᠯ ᠠᠴᠠ᠂ ᠮᠠᠩᠨᠤᠳ ᠪᠠᠯᠭᠠᠰᠤ  ᠲᠣᠰᠬᠤᠨ ᠤ ᠪᠠᠶᠢᠳᠠᠯ ᠳᠤᠨᠢ ᠲᠤᠬᠢᠷᠠᠭᠤᠯᠤᠨ ᠲᠦᠷᠦ ᠶᠢᠨ ᠪᠤᠳᠤᠯᠭ᠎ᠠ ᠬᠡᠷᠡᠭᠵᠢᠭᠦᠯᠬᠦ ᠶᠢ ᠢᠮᠠᠭᠲᠠ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢ ᠢᠳᠡᠪᠬᠢᠲᠡᠢ ᠲᠤᠬᠢᠷᠠᠭᠤᠯᠤᠨ ᠰᠢᠯᠢᠳᠡᠭᠵᠢᠭᠦᠯᠵᠦ᠂ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠪᠣᠯᠤᠨ ︽ᠨᠢᠭᠡ ᠲᠣᠰᠬᠤᠨ ᠤᠯᠠᠨ ᠪᠦᠲᠦᠭᠡᠭᠳᠡᠬᠦᠨ︾ ᠢ ᠬᠦᠴᠦᠯᠡᠨ ᠡᠭᠦᠳᠴᠦ᠂ ᠤᠨᠴᠠᠯᠢᠬᠳᠤ ᠲᠠᠷᠢᠶᠠᠯᠠᠩ᠂ ᠲᠦᠷᠦᠯ ᠲᠡᠮᠳᠡᠭ ᠤᠨ ᠲᠠᠷᠢᠶᠠᠯᠠᠩ ᠢ ᠬᠥᠭᠵᠢᠭᠦᠯᠵᠦ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠪᠡ᠃ ᠼᠦᠩ ᠵᠠᠩ ᠽᠢ ᠲᠣᠰᠬᠤᠨ ᠤ ᠨᠠᠪᠴᠢᠨ ᠲᠠᠮᠠᠬᠢ ᠲᠠᠷᠢᠵᠦ ᠬᠦᠭᠵᠢᠭᠦᠯᠦᠭᠰᠡᠨ ᠨᠢ ᠮᠠᠩᠨᠤᠳ ᠪᠠᠯᠭᠠᠰᠤ ᠶᠢᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠬᠤᠷᠢᠶᠠᠩᠭᠤᠢ ᠳᠦᠷᠰᠦ ᠪᠣᠯᠤᠨ᠎ᠠ᠂ ᠮᠥᠨᠴᠦ ᠪᠦᠬᠦ ᠪᠠᠯᠭᠠᠰᠤ ᠶᠢᠨ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠢ ᠰᠢᠯᠢᠳᠡᠭᠵᠢᠭᠦᠯᠦᠨ ᠨᠠᠷᠢᠯᠢᠭ ᠬᠦᠴᠦᠷᠬᠡᠭᠵᠢᠭᠦᠯᠵᠦ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠰᠢᠨ᠎ᠡ ᠬᠠᠭᠤᠳᠠᠰᠤ ᠪᠣᠯᠤᠨ᠎ᠠ     ᠬᠤᠶᠠᠷ ᠲᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠠᠰᠢᠭ ᠣᠷᠣᠯᠭ᠎ᠠ ᠶᠢ ᠨᠡᠩ ᠰᠠᠶᠢᠨ᠃ ᠮᠠᠩᠨᠤᠳ ᠪᠠᠯᠭᠠᠰᠤ ᠡᠯ᠎ᠡ ᠲᠣᠰᠬᠤᠨ ᠤ ᠲᠣᠰ ᠪᠡᠶ᠎ᠡ ᠶᠢᠨ ᠪᠠᠶᠢᠭᠠᠯᠢ ᠶᠢᠨ ᠡᠬᠢ ᠪᠠᠶᠠᠯᠢᠭ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠦᠨᠳᠦᠰᠦᠯᠡᠨ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠴᠢᠨᠠᠷ ᠰᠠᠶᠢᠲᠠᠶ᠂ ᠥᠨᠳᠥᠷ ᠤᠨᠠᠯᠲᠠ ᠲᠠᠢ᠂ ᠥᠨᠳᠥᠷ ᠦᠷ᠎ᠡ ᠪᠦᠲᠦᠮᠵᠢᠲᠡᠶ ᠲᠠᠷᠢᠶᠠᠯᠠᠩ ᠤᠨ ᠠᠵᠤ ᠦᠢᠯᠡᠰ ᠢ ᠡᠷᠢᠯᠬᠢᠯᠡᠬᠦ ᠶᠢ ᠢᠮᠠᠭᠲᠠ ᠪᠠᠷᠢᠮᠲᠠᠯᠠᠵᠠᠶ᠃ ᠼᠦᠩ ᠵᠠᠩ ᠽᠢ ᠲᠣᠰᠬᠤᠨ ᠤ ᠭᠠᠵᠠᠷ ᠵᠦᠶ ᠶᠢᠨ ᠨᠥᠬᠦᠴᠡᠯ᠂ ᠡᠬᠢ ᠪᠠᠶᠠᠯᠢᠭ ᠤᠨ ᠨᠥᠬᠦᠴᠡᠯ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ᠂  ᠨᠠᠪᠴᠢᠨ ᠲᠠᠮᠠᠬᠢ ᠳᠠᠷᠢᠬᠤ ᠶᠢ ᠲᠣᠰ ᠲᠣᠰᠬᠤᠨ ᠤ ᠤᠨᠴᠠᠯᠢᠭᠳᠤ ᠠᠵᠤ ᠦᠢᠯᠡᠰ ᠤᠨ ᠭᠤᠤᠯ ᠨᠠᠷᠠᠲᠤ ᠲᠡᠮᠳᠡᠭ ᠪᠣᠯᠭᠠᠵᠤ᠂ ᠡᠩ ᠤᠨ ᠲᠠᠷᠢᠮᠠᠯ ᠯᠤᠭ᠎ᠠ ᠬᠠᠷᠢᠴᠠᠭᠤᠯᠪᠠᠯ᠂ ᠨᠠᠪᠴᠢᠨ ᠲᠠᠮᠠᠬᠢ ᠳᠠᠷᠢᠬᠤ ᠣᠷᠣᠯᠭ᠎ᠠ ᠨᠢ ᠨᠡᠯᠢᠶᠡᠳ ᠰᠠᠶᠢᠨ ᠪᠥᠭᠡᠳ ᠨᠠᠪᠴᠢᠨ ᠲᠠᠮᠠᠬᠢ ᠳᠠᠷᠢᠬᠤ ᠥᠪᠡᠷ ᠤᠨ ᠥᠷᠲᠡᠭ ᠨᠢ ᠬᠠᠷᠢᠴᠠᠩᠭᠤᠶ ᠪᠠᠷ ᠨᠡᠯᠢᠶᠡᠳ ᠳᠣᠤᠷ᠎ᠠ ᠪᠠᠶᠢᠵᠦ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠷ ᠨᠡᠯᠢᠶᠡᠳ ᠳᠣᠤᠷ᠎ᠠ ᠲᠠᠷᠢᠶᠠᠴᠢᠨ ᠡᠷᠦᠬᠡ ᠳᠤ ᠨᠡᠯᠢᠶᠡᠳ ᠳᠣᠭᠢᠷᠠᠨ᠎ᠠ᠃ ᠡᠨᠡ ᠵᠢᠯ ᠪᠥᠬᠦ ᠪᠠᠯᠭᠠᠰᠤᠨ ᠤ ᠨᠠᠪᠴᠢᠨ ᠲᠠᠮᠠᠬᠢ ᠲᠠᠷᠢᠭᠰᠠᠨ ᠲᠠᠯᠠᠪᠠᠶ 2330 ᠮᠥ᠂ ᠮᠥ ᠪᠦᠷᠢ ᠶᠢᠨ ᠤᠨᠠᠯᠲᠠ 500-700 ᠵᠢᠩ ᠪᠠᠶᠢᠵᠤ᠂ ᠭᠤᠤᠯᠳᠠᠭᠤ ᠭᠢᠷᠢᠨ᠂ ᠱᠠᠨᠳᠦ᠋ᠩ᠂ ᠪᠡᠭᠡᠵᠢᠩ ᠵᠡᠷᠭᠡ ᠭᠠᠵᠠᠷ ᠲᠤ ᠪᠣᠷᠣᠯᠠᠭᠤᠯᠵᠤ᠂ ᠦᠨ᠎ᠡ ᠨᠢ 7 - 9 ᠲᠥᠭᠦᠷᠢᠭ ᠤᠨ ᠬᠤᠭᠤᠷᠣᠨᠳᠣ ᠲᠣᠭᠲᠠᠪᠤᠷᠢᠵᠢᠪᠠ᠂ ︽ᠡᠨᠡ ᠵᠢᠯ ᠪᠣᠷᠣᠭᠠᠨ ᠭᠦᠢᠴᠡᠳ᠂ ᠲᠠᠮᠠᠬᠢᠨ ᠨᠠᠪᠴᠢ ᠥᠷᠭᠡᠨ ᠨᠠᠪᠴᠢ ᠲᠠᠢ᠂ ᠵᠤᠵᠠᠭᠠᠨ ᠪᠠᠶᠢᠵᠤ᠂ ᠨᠠᠪᠴᠢᠨ ᠲᠠᠮᠠᠬᠢ ᠴᠦ ᠰᠠᠶᠢᠨ ᠬᠤᠷᠢᠶᠠᠯᠲᠠ ᠣᠯᠵᠠᠢ︾ ᠭᠡᠵᠦ ᠮᠠᠩᠨᠤᠳ ᠪᠠᠯᠭᠠᠰᠤᠨ ᠤ ᠼᠦᠩ ᠵᠠᠩ ᠽᠢ ᠲᠤᠰᠬᠤᠨ ᠤ ᠲᠠᠮᠠᠬᠢ ᠲᠡᠷᠢᠬᠰᠠᠨ ᠲᠠᠷᠢᠶᠠᠴᠢᠳ ᠪᠠᠶᠠᠷᠲᠠᠢ ᠬᠡᠯᠡᠪᠡ᠃    ᠭᠤᠷᠪᠠ ᠳᠤ᠂ ᠬᠠᠨᠳᠤᠰᠢ ᠳᠤᠨᠢ ᠲᠣᠬᠢᠷᠠᠭᠤᠯᠤᠨ ᠵᠢᠯᠣᠭᠤᠳᠴᠤ᠂ ︽ᠴᠥᠭᠡᠨ ᠲᠣᠭᠠᠲᠠᠨ︾ ᠢᠶᠠᠷ ᠦᠯᠢᠭᠡᠷ ᠳᠠᠭᠤᠷᠢᠶᠠᠯ ᠪᠣᠯᠭᠠᠨ᠎ᠠ᠃ ᠼᠦᠩ ᠵᠠᠩ ᠽᠢ ᠲᠣᠰᠬᠤᠨ ᠳᠤ᠂ ᠪᠠᠯᠭᠠᠰᠤ ᠲᠣᠰᠬᠤᠨ ᠬᠤᠯᠪᠣᠭᠠᠯᠠᠨ ᠬᠥᠳᠡᠯᠦᠯᠴᠡᠵᠦ ᠨᠠᠮ ᠤᠨ ᠭᠡᠰᠢᠭᠦᠨ ᠺᠠᠳ᠋ᠷ ︽ᠴᠥᠭᠡᠨ ᠲᠣᠭᠠᠲᠠᠨ︾ ᠤ ᠬᠥᠮᠦᠰ ᠢ ᠢᠳᠡᠪᠬᠢᠲᠡᠶ ᠰᠠᠶᠢᠲᠤᠷ ᠠᠳᠬᠤᠵᠤ᠂ ᠲᠡᠳᠡᠨ ᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠶ᠋ᠴᠡᠳ ᠪᠠᠳᠠᠷᠠᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠪᠠᠨ ᠳᠠᠭᠠᠭᠠᠵᠤ ᠳᠠᠷᠢᠬᠤ᠂ ᠡᠵᠡᠩᠨᠡᠬᠦ᠂ ᠬᠠᠮᠢᠶᠠᠷᠬᠤ ᠵᠡᠷᠭᠡ ᠲᠠᠯ᠎ᠠ ᠶᠢᠨ ᠮᠡᠳᠡᠯᠭᠡ ᠶᠢ ᠰᠤᠷᠤᠯᠴᠠᠭᠤᠯᠵᠤ᠂ ᠮᠡᠷᠭᠡᠵᠢᠯ ᠢ ᠲᠠᠷᠢᠶᠠᠴᠢᠨ ᠡᠷᠦᠬᠡ ᠶᠢᠨ ᠥᠪᠡᠷ ᠤᠨ ᠭᠠᠷ ᠲᠤ ᠪᠠᠲᠤ ᠡᠵᠡᠮᠰᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ︽ᠴᠥᠭᠡᠨ ᠲᠣᠭᠠᠲᠠᠨ︾ ᠤ ᠬᠥᠮᠦᠰ ᠢ ᠵᠢᠱᠢᠶ᠎ᠡ ᠦᠵᠡᠭᠦᠯᠦᠨ ᠲᠦᠷᠦᠭᠦᠯᠡᠭᠦᠯᠵᠦ᠂ ︽ᠣᠯᠠᠩᠬᠢ ᠲᠠᠷᠢᠶᠠᠴᠢᠳ︾ ᠤᠨ ᠬᠡᠷ ᠤᠨ ᠡᠭᠦᠳᠡᠨ ᠳᠤᠨᠢ ᠨᠠᠩ ᠶᠡᠭᠡ ᠠᠰᠢᠭ ᠣᠷᠣᠯᠭ᠎ᠠ ᠣᠯᠭᠤᠵᠤ᠂ ᠣᠳᠣᠬᠠᠨ ᠳᠤ ᠪᠥᠬᠦ ᠪᠠᠯᠭᠠᠰᠤᠨ ᠤ ᠨᠠᠪᠴᠢᠨ ᠲᠠᠮᠠᠬᠢᠨ ᠲᠠᠷᠢᠶᠠᠴᠢᠨ ᠡᠷᠦᠬᠡ ᠨᠢᠭᠡᠨᠲᠡ 100 ᠭᠠᠷᠤᠶ ᠡᠷᠦᠬᠡ ᠶᠢ ᠳᠠᠪᠠᠪᠠ᠃ ᠡᠭᠦᠨ ᠠᠴᠠ ᠭᠠᠳᠠᠨ᠎ᠠ᠂ ᠨᠠᠪᠴᠢᠨ ᠲᠠᠮᠠᠬᠢ ᠳᠠᠷᠢᠬᠤ ᠲᠥᠯᠥᠪᠵᠢᠭᠦᠯᠭᠡ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠵᠡᠷᠭᠡ ᠣᠯᠠᠨ ᠲᠠᠯ᠎ᠠ ᠶᠢᠨ ᠪᠠᠯᠭᠠᠰᠤ ᠲᠣᠰᠬᠤᠨ ᠳᠤ ᠢᠳᠡᠪᠬᠢᠲᠡᠶ ᠵᠣᠬᠢᠴᠠᠭᠤᠯᠤᠨ ᠬᠠᠮᠵᠢᠯᠴᠠᠵᠤ᠂ ᠨᠠᠩ ᠣᠯᠠᠨ ᠲᠠᠷᠢᠶᠠᠴᠢᠨ ᠡᠷᠦᠬᠡ ᠶᠢᠨ ᠨᠠᠪᠴᠢᠨ ᠲᠠᠮᠠᠬᠢ ᠶᠢᠨ ᠣᠨᠴᠠᠯᠢᠭᠲᠤ ᠲᠠᠷᠢᠮᠠᠯ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠵᠠᠮ ᠢᠶᠠᠷ ᠵᠠᠮᠨᠠᠵᠤ᠂ ︽ᠨᠠᠪᠴᠢᠨ ᠲᠠᠮᠠᠬᠢᠨ ︾ ᠶᠢ ᠲᠠᠷᠢᠶᠠᠴᠢᠨ ᠡᠷᠦᠬᠡ ᠶᠢᠨ ︽ᠵᠣᠭᠤᠰᠣᠨ ᠤᠭᠤᠲᠠ︾ ᠪᠣᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号