ᠨᠢᠩᠴᠧᠩ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠢᠯᠠᠯ ᠤᠨ ᠬᠥᠮᠥᠷᠭᠡ ᠳᠤ ᠣᠷᠣᠭᠤᠯᠤᠭᠰᠠᠨ ᠲᠤᠭ᠎ᠠ ᠬᠡᠮᠵᠢᠶ᠎ᠡ ᠰᠢᠨ᠎ᠡ ᠲᠡᠮᠳᠡᠭᠯᠡᠯ ᠢ ᠡᠭᠦᠳᠴᠡᠢ
ᠨᠡᠶᠢᠲᠡᠯᠡᠭᠰᠡᠨ ᠴᠠᠭ᠄
2024/10/17
     ᠤᠶᠢᠷ᠎ᠠ ᠶᠢᠨ ᠵᠢᠯ ᠤᠨ ᠲᠤᠷᠰᠢ᠂ ᠨᠢᠩᠴᠧᠩ ᠰᠢᠶᠠᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠡᠯ ᠢ ᠵᠣᠬᠢᠶᠠᠨ ᠪᠠᠶᠢᠭᠤᠯᠵᠦ ᠬᠥᠮᠥᠷᠭᠡ ᠳᠤ ᠣᠷᠣᠭᠤᠯᠬᠤ ᠶᠢ ᠠᠵᠤ ᠠᠬᠤᠶᠢᠯᠡᠯ ᠤᠨ ᠱᠠᠲᠤᠯᠢᠭ ᠪᠤᠶᠢᠵᠢᠭᠤᠯᠬᠤ ᠰᠢᠰᠲ᠋ᠧᠮ ᠢ ᠲᠡᠭᠦᠯᠳᠡᠷᠵᠢᠭᠦᠯᠬᠦ᠂ ᠠᠵᠤ ᠠᠬᠤᠶᠢᠯᠡᠯ ᠢ ᠬᠥᠲᠥᠯᠦᠨ ᠵᠢᠯᠣᠭᠤᠳᠴᠤ ᠪᠠᠶᠢᠭᠠᠳ ᠰᠢᠨ᠎ᠡ ᠶᠢ ᠡᠭᠦᠳᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠭᠤᠣᠯᠳᠠᠯᠭ᠎ᠠ ᠲᠠᠢ ᠠᠵᠢᠯ ᠪᠣᠯᠭᠠᠨ ᠠᠳᠬᠤᠪᠠ᠃ ᠰᠢᠶᠠᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠤᠪᠴᠢᠶ᠎ᠠ ᠠᠵᠤ ᠠᠬᠤᠶᠢᠯᠠᠯ ᠳᠤ ᠭᠦᠨᠵᠡᠭᠡᠶᠢᠷᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠬᠥᠮᠥᠷᠭᠡ ᠳᠤ ᠣᠷᠣᠭᠤᠯᠬᠤ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠦᠨᠡᠯᠡᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠬᠥᠮᠥᠷᠭᠡ ᠳᠤ ᠣᠷᠣᠭᠤᠯᠬᠤ ᠠᠵᠢᠯ ᠤᠨ ᠥᠷᠨᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ ᠣᠳᠣᠬᠠᠨ ᠪᠣᠯᠲᠠᠯ᠎ᠠ᠂ ᠨᠢᠩᠴᠧᠩ ᠰᠢᠶᠠᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠤᠨ ᠲᠤᠭ᠎ᠠ 18 ᠪᠣᠯᠵᠣ᠂ ᠳᠡᠭᠡᠷ᠎ᠡ ᠵᠢᠯ ᠤᠨ ᠬᠢ ᠠᠴᠠ 5 ᠡᠷᠦᠬᠡ ᠨᠡᠮᠡᠭᠳᠡᠵᠦ᠂ 38.5% ᠪᠠᠷ ᠨᠡᠮᠡᠭᠳᠡᠨ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号