| ᠠᠯᠲᠠᠨ ᠨᠠᠮᠤᠷ ᠤᠨ ᠠᠷᠪᠠᠨ ᠰᠠᠷ᠎ᠠ ᠳᠤ᠂ ᠭᠤᠸ᠎ᠠ ᠵᠢᠮᠢᠰ ᠤᠨ ᠦᠨᠦᠷ ᠬᠠᠩᠬᠤᠯᠵᠤ᠂ ᠨᠢᠩᠴᠧᠩ ᠤᠨ ᠭᠠᠵᠠᠷ | ᠪᠣᠯᠭᠠᠨ ᠳᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠨ᠎ᠠ᠃ ᠵᠢᠮᠢᠰ ᠤᠨ ᠬᠦᠷᠢᠶᠡᠯᠡᠩ ᠳᠤ ᠵᠢᠵᠢᠭ ᠳ᠋ᠧᠩᠯᠦ | ᠰᠢᠭ ᠠᠯᠮᠤᠷᠠᠳ ᠰᠠᠯᠠᠭ᠎ᠠ ᠨᠠᠮᠠᠭ᠎ᠠ ᠳᠠᠭᠠᠭᠠᠵᠦ ᠶᠠᠳᠠᠨ ᠪᠤᠯᠪᠠᠰᠤᠷᠠᠵᠠᠢ᠃ ᠡᠨᠡ ᠬᠦ ᠰᠠᠶᠢᠨ ᠰᠠᠶᠢᠬᠠᠨ ᠴᠠᠭ | ᠮᠥᠴᠡ ᠳᠤ᠂ ᠵᠢᠮᠢᠰ ᠤᠨ ᠲᠠᠷᠢᠶᠠᠴᠢᠳ ᠤᠨ ᠰᠢᠷᠭᠠᠭᠤ ᠬᠥᠳᠡᠯᠮᠦᠷᠢ ᠶᠢ ᠦᠨᠡᠨ ᠪᠣᠳᠠᠲᠠᠶ ᠠᠰᠢᠭ ᠣᠷᠣᠯᠭ᠎ᠠ ᠪᠣᠯᠭᠠᠨ | ᠬᠤᠪᠢᠷᠠᠭᠤᠯᠬᠤ ᠶᠢᠨ ᠲᠥᠯᠥᠭᠡ᠂ ᠨᠢᠩᠴᠧᠩ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ | ᠳᠠᠷᠤᠭ᠎ᠠ ᠪᠡᠶ᠎ᠡ ᠪᠠᠷ ᠢᠶᠠᠨ ᠵᠠᠬ᠎ᠠ ᠳᠡᠯᠭᠡᠭᠦᠷ ᠲᠤ ᠭᠠᠷᠴᠤ᠂ ᠨᠢᠩᠴᠧᠩ ᠤᠨ ᠠᠯᠮᠤᠷᠠᠳ ᠤᠨ ᠪᠣᠷᠣᠯᠠᠭᠤᠯᠭ᠎ᠠ ᠰᠠᠶᠢᠲᠠᠶ | ᠬᠥᠭᠵᠢᠯᠲᠡ ᠳᠤ ᠬᠦᠴᠦᠨ ᠨᠠᠮᠠᠷᠢᠯᠠᠨ᠎ᠠ᠃ ᠲᠠᠨᠢᠯᠴᠠᠭᠤᠯᠬᠤ᠂ ᠪᠣᠷᠣᠯᠠᠭᠤᠯᠬᠤ᠂ ᠪᠠᠷᠠᠭᠠᠨ ᠤ ᠭᠦᠢᠯᠭᠡᠭᠡᠨ ᠤ | ᠳᠣᠭᠢᠷᠠᠭᠤᠯᠤᠨ ᠬᠦᠷᠭᠡᠬᠦ ᠲᠥᠰᠦᠯ ᠢ ᠲᠣᠭᠲᠠᠭᠠᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ | ᠲᠠᠯ᠎ᠠ ᠪᠠ ᠬᠤᠳᠠᠯᠳᠤᠭᠠᠨ ᠤ ᠬᠡᠲᠦ ᠳᠡᠯᠭᠡᠭᠦᠷ ᠤᠨ ᠪᠠᠷᠠᠭ᠎ᠠ ᠬᠠᠩᠭᠠᠬᠤ ᠬᠡᠷᠡᠭᠴᠡᠭᠡ ᠶᠢ ᠬᠠᠩᠭᠠᠬᠤ ᠶᠢ ᠦᠨᠡᠨ ᠬᠦ | ᠪᠠᠲᠤᠯᠠᠵᠤ᠂ ᠨᠢᠩᠴᠧᠩ ᠤᠨ ᠠᠯᠮᠤᠷᠠᠳ ᠲᠤ ᠰᠢᠭᠤᠳ ᠪᠣᠷᠣᠯᠠᠭᠤᠯᠬᠤ ᠦᠵᠦᠭᠦᠷ ᠤᠨ ᠬᠥᠭᠦᠷᠭᠡ ᠪᠠᠶᠢᠭᠤᠯᠵᠤ | ᠦᠭᠭᠦᠨ᠎ᠡ᠃ | ᠤᠯᠠᠭᠠᠨᠬᠠᠳᠠ ᠬᠤᠲᠠ ᠶᠢᠨ ᠳᠣᠲᠣᠷᠠᠬᠢ ᠢᠦᠶ ᠷᠦᠨ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ ᠲᠤ ᠨᠢᠩᠴᠧᠩ ᠤᠨ ᠠᠯᠮᠤᠷᠠᠳ ᠤᠨ ᠭᠠᠷᠤᠯᠲᠠ ᠶᠢᠨ ᠭᠠᠵᠠᠷ ᠤᠨ ᠲᠤᠰᠬᠠᠶ | ᠪᠣᠷᠣᠯᠠᠭᠤᠯᠭ᠎ᠠ ᠶᠢᠨ ᠭᠠᠵᠠᠷ ᠪᠠᠶᠢᠭᠤᠯᠵᠤ᠂ ᠬᠤᠲᠠ ᠶᠢᠨ ᠳᠣᠲᠣᠷᠠᠬᠢ ᠸᠧᠢ ᠳ᠋ᠦᠸᠧ ᠯᠢ ᠬᠡᠲᠦ ᠳᠡᠯᠭᠡᠭᠦᠷ᠂ ᠪᠠᠢ ᠯᠢᠦ | ᠪᠠᠷᠠᠭ᠎ᠠ ᠬᠤᠳᠠᠯᠳᠤᠨ ᠠᠪᠬᠤ ᠲᠥᠪ ᠵᠡᠷᠭᠡ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠤᠨ ᠣᠯᠠᠨ | ᠬᠡᠯᠬᠢᠶᠡᠲᠦ ᠳᠡᠯᠭᠡᠭᠦᠷ ᠲᠤ ᠲᠤᠰᠬᠠᠶ ᠲᠣᠭᠤᠷᠢᠭ ᠪᠠᠶᠢᠭᠤᠯᠤᠨ ᠬᠤᠳᠠᠯᠳᠤᠨ᠎ᠠ᠃ ᠤᠯᠠᠭᠠᠨᠬᠠᠳᠠ ᠬᠤᠲᠠ ᠶᠢᠨ ᠬᠤᠲᠠ | ᠲᠣᠭᠤᠷᠢᠭ ᠤᠨ ᠨᠢᠩᠴᠧᠩ ᠤᠨ ᠠᠯᠮᠤᠷᠠᠳ ᠤᠨ ᠬᠠᠩᠭᠠᠨ ᠪᠣᠷᠣᠯᠠᠭᠤᠯᠬᠤ ᠰᠦᠯᠵᠢᠶ᠎ᠡ ᠪᠥᠬᠦ ᠲᠠᠯ᠎ᠠ ᠪᠠᠷ ᠬᠥᠭᠵᠢᠵᠦ᠂ | ᠬᠤᠲᠠ ᠲᠣᠭᠤᠷᠢᠭ ᠤᠨ ᠬᠤᠲᠠ ᠶᠢᠨ ᠠᠷᠠᠳ ᠴᠠᠭ ᠲᠤᠬᠠᠢ ᠳᠤ ᠨᠢ ᠨᠢᠩᠴᠧᠩ ᠤᠨ ᠠᠯᠮᠤᠷᠠᠳ ᠢ ᠠᠮᠳᠠᠯᠠᠵᠦ᠂ | ᠨᠢᠩᠴᠧᠩ ᠰᠢᠶᠠᠨ ᠤ ᠠᠯᠮᠤᠷᠠᠳ ᠤᠨ ᠪᠤᠷᠤᠯᠠᠭᠤᠯᠭ᠎ᠠ ᠨᠡᠩ ᠭᠦᠭᠵᠢᠭᠡᠨ ᠲᠠᠢ ᠪᠣᠯᠪᠠ᠃ |