ᠨᠢᠩᠴᠧᠩ ᠰᠢᠶᠠᠨ ᠤ ᠮᠢᠩ ᠰᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠬᠡᠷᠡᠭ ᠢ ᠨᠡᠶᠢᠭᠡᠮ ᠨᠡᠶᠢᠲᠡ ᠳᠤ ᠨᠠᠶᠢᠲᠠᠯᠠᠨ᠎ᠠ
ᠨᠡᠶᠢᠲᠡᠯᠡᠭᠰᠡᠨ ᠴᠠᠭ᠄
2024/10/17
   ᠨᠢᠩᠴᠧᠩ ᠰᠢᠶᠠᠨ ᠤ ᠮᠢᠩ ᠰᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠨᠣᠮᠧᠷ᠄ 91150429MA7YQYNB1E ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠄ ᠵᠠᠩ ᠭᠥᠸᠧ ᠵᠢᠶᠦ᠋ᠨ᠂ ᠬᠠᠶ᠋ᠢᠭ᠄ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠰᠣᠩᠭᠢᠨ᠎ᠠ ᠶᠢᠨ ᠭᠤᠤ ᠰᠢᠶᠠᠩ ᠤᠨ ᠯᠢ ᠮᠠ ᠽᠢ ᠭᠧᠦ ᠲᠣᠰᠬᠤᠨ ᠤ ᠲᠠᠪᠤᠳᠤᠭᠠᠷ ᠳᠤᠭᠤᠶᠢᠯᠠᠩ᠃    2024 ᠣᠨ ᠤ 6 ᠰᠠᠷ᠎ᠠ ᠶᠢᠨ 18 ᠤ ᠡᠳᠦᠷ᠂ ᠨᠢᠩᠴᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢᠩᠴᠧᠩ ᠰᠢᠶᠠᠨ ᠤ ᠮᠢᠩ ᠰᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠸᠠᠩ ᠷᠦᠢ ᠵᠢᠶᠦ᠋ᠨ᠂ ᠳ᠋ᠢᠩ ᠵᠢᠶᠠ ᠹᠧᠩ ᠵᠡᠷᠭᠡ 15 ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠬᠡᠷᠡᠭ ᠢ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠪᠠᠶᠢᠴᠠᠭᠠᠵᠤ᠂ ᠬᠢᠨᠠᠨ ᠬᠠᠷᠭᠤᠭᠤᠯᠤᠭᠠᠳ᠂ ᠲᠣᠰ ᠠᠵᠤ ᠠᠬᠤᠶᠢᠯᠠᠯ ᠬᠥᠯᠥᠰᠥᠨ ᠠᠵᠢᠯᠴᠢᠨ ᠤ ᠴᠠᠯᠢᠩ ᠢ 63102 ᠲᠥᠭᠦᠷᠢᠭ ᠥᠷᠢᠲᠦᠵᠦ ᠪᠠᠶᠢᠨ᠎ᠠ᠃    ᠪᠠᠶᠢᠴᠠᠭᠠᠭᠰᠠᠨ ᠢᠶᠠᠷ᠂ ᠨᠢᠩᠴᠧᠩ ᠰᠢᠶᠠᠨ ᠤ ᠮᠢᠩ ᠰᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠬᠡᠷᠡᠭ ᠤᠨ ᠪᠣᠳᠠᠲᠤ ᠶᠠᠪᠤᠳᠠᠯ ᠨᠢ ᠲᠣᠳᠣᠷᠬᠠᠶ ᠪᠥᠭᠡᠳ ᠭᠡᠷᠡᠴᠢ ᠪᠠᠷᠢᠮᠲᠠ ᠨᠢ ᠦᠨᠡᠨ ᠪᠣᠳᠠᠲᠠᠶ ᠪᠠᠶᠢᠪᠠ᠃ 2024 ᠣᠨ ᠤ 9 ᠰᠠᠷ᠎ᠠ ᠶᠢᠨ 13 ᠤ ᠡᠳᠦᠷ᠂ ᠨᠢᠩᠴᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠨᠢᠩᠴᠧᠩ ᠰᠢᠶᠠᠨ ᠤ ᠮᠢᠩ ᠰᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠵᠠᠷᠯᠢᠭᠳᠠᠨ ᠵᠠᠯᠠᠷᠠᠭᠤᠯᠬᠤ ᠲᠣᠭᠲᠠᠭᠠᠯ ᠤᠨ ᠪᠢᠴᠢᠭ︾ ᠢ ᠪᠠᠭᠤᠯᠭᠠᠵᠤ᠂ ᠠᠵᠤ ᠠᠬᠤᠶᠢᠯᠠᠯ ᠢ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠱᠠᠭᠠᠷᠳᠠᠪᠠ᠃ ᠭᠡᠪᠡᠴᠦ ᠲᠤᠰ ᠠᠵᠤ ᠠᠬᠤᠶᠢᠯᠠᠯ ᠨᠢ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠮᠥᠨ ᠯᠠ ᠴᠠᠯᠢᠩ ᠥᠭᠬᠦ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ᠃ 2024 ᠣᠨ ᠤ 9 ᠰᠠᠷ᠎ᠠ ᠶᠢᠨ 26 ᠤ ᠡᠳᠦᠷ᠂ ᠨᠢᠩᠴᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠤᠯᠢ ᠶᠣᠰᠣᠭᠠᠷ ᠲᠣᠰ ᠠᠵᠤ ᠠᠬᠤᠶᠢᠯᠠᠯ ᠳᠤ ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾ ᠪᠤᠯᠤᠨ ︽ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠢᠲᠡᠭᠡᠮᠵᠢ ᠠᠯᠳᠠᠭᠰᠠᠳ ᠲᠤ ᠵᠢᠭᠰᠠᠭᠠᠨ ᠣᠷᠣᠭᠤᠯᠤᠭᠰᠠᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠬᠠᠮᠢᠶᠠᠷᠤᠯᠲᠠ ᠶᠢᠨ ᠨᠡᠷᠡᠰ ᠤᠨ ᠲᠣᠭᠲᠠᠭᠠᠯ ᠤᠨ ᠪᠢᠴᠢᠭ︾ ᠢ ᠪᠠᠭᠤᠯᠭᠠᠵᠤ᠂ ᠨᠢᠩᠴᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠣᠰ ᠠᠵᠤ ᠠᠬᠤᠶᠢᠯᠠᠯ ᠤᠨ ᠴᠠᠯᠢᠩ ᠥᠷᠢᠲᠦᠵᠦ ᠪᠠᠶᠢᠭ᠎ᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠵᠠᠰᠠᠭ ᠤᠨ ᠣᠷᠳᠣᠨ ᠤ ᠠᠯᠪᠠᠨ ᠤ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠪᠡ᠃    ᠨᠢᠩᠴᠧᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ    2024 ᠣᠨ ᠤ 10 ᠰᠠᠷ᠎ᠠ ᠶᠢᠨ 15 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号