| ᠨᠢᠭᠡ ᠳᠤ ᠤᠬᠠᠭᠤᠯᠭ᠎ᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠪᠠ᠃ ᠬᠥᠳᠡᠭᠡ ᠲᠣᠰᠬᠤᠨ ᠤ ᠰᠣᠶᠣᠯ ᠤᠨ | ᠬᠡᠷᠡᠮ᠂ ᠡᠯᠧᠺᠲᠷᠣᠨ ᠳᠡᠯᠭᠡᠴᠡ᠂ ᠤᠬᠠᠭᠤᠯᠭ᠎ᠠ ᠶᠢᠨ ᠪᠤᠯᠤᠩ᠂ ᠠᠯᠪᠠᠨ ᠵᠠᠷ ᠤᠨ ᠰᠠᠮᠪᠠᠷ᠎ᠠ ᠵᠡᠷᠭᠡ ᠵᠢᠭᠰᠠᠭᠠᠯ ᠤᠨ | ᠭᠠᠵᠠᠷ ᠢ ᠠᠰᠢᠭᠯᠠᠨ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠦᠷᠢᠮ︾ ᠪᠠ ︽ᠬᠥᠳᠡᠭᠡ ᠲᠣᠰᠬᠤᠨ ᠤ | ᠨᠠᠷᠠᠲᠤ ᠠᠵᠢᠯᠯᠠᠭ᠎ᠠ︾ ᠶᠢᠨ ᠤᠬᠠᠭᠤᠯᠭ᠎ᠠ ᠶᠢ ᠴᠢᠩᠭᠠᠳᠬᠠᠵᠤ᠂ ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ | ᠶᠢ ᠬᠡᠷᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠨ᠎ᠠ᠃ ᠰᠣᠶᠣᠯ ᠵᠢᠭᠤᠯᠴᠢᠯᠠᠯ᠂ ᠲᠠᠷᠢᠶᠠᠯᠠᠩ ᠤᠨ ᠰᠠᠯᠠᠭ᠎ᠠ ᠮᠥᠴᠢᠷ ᠯᠦᠭᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠵᠡᠷᠭᠡ ᠠᠵᠢᠯᠯᠠᠭ᠎ᠠ ᠶᠢ | ᠠᠭᠤᠰᠤᠯᠴᠠᠭᠤᠯᠤᠨ᠂ ᠭᠠᠵᠠᠷ ᠤᠨ ᠨᠡᠷ᠎ᠡ ᠶᠢᠨ ᠰᠣᠶᠣᠯ ᠤᠨ ᠲᠤᠰᠬᠠᠶ ᠰᠡᠳᠦᠪᠲᠦ ᠲᠠᠶᠢᠯᠤᠮᠵᠢ᠂ ᠦᠵᠡᠰᠬᠦᠯᠡᠩ | ᠵᠡᠷᠭᠡ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ᠭᠠᠵᠠᠷ ᠤᠨ ᠨᠡᠷ᠎ᠡ ᠶᠢᠨ ᠰᠣᠶᠣᠯ ᠢ ᠰᠤᠷᠭᠠᠭᠤᠯᠢ ᠶᠢᠨ | ᠬᠦᠷᠢᠶ᠎ᠡ᠂ ᠲᠣᠰᠬᠤᠨ ᠤ ᠰᠠᠭᠤᠴᠠ ᠳᠤ ᠣᠷᠣᠭᠤᠯᠬᠤ ᠶᠢ ᠠᠬᠢᠭᠤᠯᠤᠨ᠂ ᠭᠠᠵᠠᠷ ᠤᠨ ᠨᠡᠷ᠎ᠡ ᠶᠢᠨ ᠰᠣᠶᠣᠯ ᠤᠨ | ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ | ᠬᠤᠶᠠᠷ ᠲᠤ᠂ ︽ᠬᠥᠳᠡᠭᠡ ᠲᠣᠰᠬᠤᠨ ᠤ ᠨᠡᠷᠡᠲᠦ ᠠᠵᠢᠯᠯᠠᠭ᠎ᠠ︾ ᠶᠢᠨ ᠠᠵᠢᠯ ᠤᠨ ᠠᠬᠢᠴᠠ ᠶᠢ ᠠᠬᠢᠭᠤᠯᠤᠨ᠎ᠠ᠃ | ᠡᠯ᠎ᠡ ᠰᠢᠶᠠᠩ ᠪᠠᠯᠭᠠᠰᠤᠨ ᠤ ᠠᠵᠤ ᠦᠢᠯᠡᠰ ᠤᠨ ᠣᠨᠴᠠᠯᠢᠭ ᠢ ᠦᠨᠳᠦᠰᠦᠯᠡᠨ᠂ ᠬᠤᠷᠬᠤᠭ ᠪᠠᠯᠭᠠᠰᠤ ᠪᠣᠯᠤᠨ | ᠮᠠᠷᠠᠳᠤ ᠪᠠᠯᠭᠠᠰᠤ ᠶᠢ ᠰᠣᠩᠭᠤᠨ 2024 ᠣᠨ ᠤ ︽ᠬᠥᠳᠡᠭᠡ ᠲᠣᠰᠬᠤᠨ ᠤ ᠨᠡᠷᠡᠲᠦ ᠠᠵᠢᠯᠯᠠᠭ᠎ᠠ︾ ᠶᠢᠨ | ᠲᠤᠷᠰᠢᠯᠲᠠ ᠶᠢᠨ ᠰᠢᠶᠠᠩ ᠪᠠᠯᠭᠠᠰᠤ ᠪᠣᠯᠭᠠᠨ᠎ᠠ᠃ ᠬᠤᠷᠬᠤᠭ ᠪᠠᠯᠭᠠᠰᠤᠨ ᠤ ᠬᠤᠪᠢᠰᠬᠠᠯ ᠤᠨ ᠰᠣᠶᠣᠯ ᠳᠤ | ᠴᠢᠭᠯᠡᠭᠦᠯᠦᠨ᠂ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠨᠡᠷᠡᠲᠦ ᠪᠠᠯᠭᠠᠰᠤ ᠨᠡᠷᠡᠲᠦ ᠲᠣᠰᠬᠤᠨ ᠢ ᠪᠠᠶᠢᠭᠤᠯᠤᠨ᠎ᠠ | ᠃ ︽ᠬᠥᠳᠡᠭᠡ ᠲᠣᠰᠬᠤᠨ ᠤ ᠭᠠᠵᠠᠷ ᠤᠨ ᠨᠡᠷ᠎ᠡ ᠶᠢᠨ ᠬᠤᠪᠢᠰᠬᠠᠯ ᠤᠨ ᠰᠣᠶᠣᠯ︾ ᠢ ᠥᠷᠨᠢᠭᠦᠯᠵᠦ᠂ ᠭᠠᠵᠠᠷ ᠤᠨ | ᠨᠡᠷ᠎ᠡ ᠶᠢᠨ ᠦᠯᠢᠭᠡᠷ ᠪᠣᠯᠤᠨ ᠬᠤᠪᠢᠰᠬᠠᠯ ᠤᠨ ᠵᠢᠭᠤᠯᠴᠢᠯᠠᠯ ᠢ ᠤᠶᠠᠯᠳᠤᠭᠤᠯᠵᠤ᠂ ᠬᠤᠪᠢᠰᠬᠠᠯ ᠤᠨ ᠭᠠᠵᠠᠷ ᠤᠨ | ᠨᠡᠷ᠎ᠡ ᠶᠢᠨ ᠦᠯᠢᠭᠡᠷ ᠤᠬᠠᠭᠤᠯᠬᠤ ᠪᠠᠷ ᠳᠠᠮᠵᠢᠨ᠂ ᠬᠤᠷᠬᠤᠭ ᠤᠨ ᠭᠤᠣᠯ ᠪᠠᠯᠭᠠᠰᠤᠨ ᠤ ᠹᠠᠨ ᠵᠠᠩᠽᠢ ᠲᠣᠰᠬᠤᠨ ᠤ | ︽ᠵᠠᠮ ᠤᠨ ᠬᠤᠶᠢᠲᠤ ᠬᠡᠰᠡᠭ ᠤᠨ ᠶᠠᠫᠣᠨ ᠢ ᠡᠰᠡᠷᠭᠦᠴᠡᠬᠦ ᠫᠠᠷᠲ᠋ᠢᠽᠠᠨ ᠠᠩᠭᠢ ᠶᠢᠨ ᠳᠤᠷᠠᠰᠬᠠᠯ ᠤᠨ ᠣᠷᠳᠣᠨ︾᠂ ︽ | ᠳ᠋ᠠ ᠬᠤ᠋ ᠱᠢ ᠤᠰᠤᠨ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢᠨ ᠳᠤᠷᠠᠰᠬᠠᠯ ᠤᠨ ᠣᠷᠳᠣᠨ︾ ᠵᠡᠷᠭᠡ | ᠬᠤᠪᠢᠰᠬᠠᠯ ᠤᠨ ᠰᠣᠶᠣᠯ ᠤᠨ ᠦᠵᠡᠮᠵᠢ ᠶᠢ ᠲᠣᠭᠤᠷᠢᠨ ᠦᠵᠡᠵᠦ᠂ ᠭᠠᠳᠠᠷ ᠣᠷᠣᠨ ᠤ ᠵᠤᠭᠠᠴᠠᠭᠰᠠᠳ ᠲᠤ ᠡᠨᠡ ᠬᠦ | ᠰᠢᠶᠠᠨ ᠤ ᠬᠤᠲᠠ ᠶᠢᠨ ᠰᠣᠶᠣᠯ ᠤᠨ ᠠᠭᠤᠯᠤᠭᠳᠠᠬᠤᠨ ᠢ ᠣᠶᠢᠯᠠᠭᠠᠭᠤᠯᠵᠤ᠂ ᠨᠢᠩᠴᠧᠩ ᠤᠨ ᠬᠥᠮᠦᠰ ᠲᠤ ᠨᠤᠲᠤᠭ | ᠤᠰᠤᠨ ᠤ ᠲᠡᠦᠬᠡ ᠰᠣᠶᠣᠯ ᠢ ᠨᠡᠩ ᠰᠠᠶᠢᠲᠤᠷ ᠣᠶᠢᠯᠠᠭᠠᠭᠤᠯᠵᠤ᠂ ᠰᠣᠶᠣᠯ ᠤᠨ ᠢᠲᠡᠭᠡᠯ ᠢ ᠨᠡᠮᠡᠭᠳᠡᠭᠦᠯᠦᠨ᠂ | ᠡᠭᠦᠨ ᠤ ᠤᠯᠠᠮ ᠠᠴᠠ ︽ᠦᠨᠳᠦᠰᠦ ᠶᠢ ᠦᠯᠡᠳᠡᠭᠡᠵᠦ᠂ ᠰᠦᠭ ᠰᠦᠨᠡᠰᠦ ᠶᠢ ᠰᠠᠬᠢᠬᠤ︾ ᠶᠢ ᠲᠠᠨᠢᠭᠤᠯᠵᠠᠢ᠃ | ᠭᠤᠷᠪᠠ ᠳᠤ᠂ ︽ᠬᠥᠳᠡᠭᠡ ᠲᠣᠰᠬᠤᠨ ᠤ ᠭᠠᠵᠠᠷ ᠤᠨ ᠨᠡᠷ᠎ᠡ ᠶᠢᠨ ᠠᠵᠤ ᠦᠢᠯᠡᠰ︾ ᠤᠨ ᠬᠥᠭᠵᠢᠯᠲᠡ ᠶᠢ | ᠠᠬᠢᠭᠤᠯᠤᠨ᠎ᠠ᠃ ᠮᠡᠷᠡᠲᠦ ᠪᠠᠯᠭᠠᠰᠤ ᠶᠢᠨ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ︽ᠨᠢᠩᠴᠧᠩ ᠤᠨ | ᠠᠯᠮᠤᠷᠠᠳ︾᠂ ︽ᠨᠢᠩᠴᠧᠩ ᠤᠨ ᠲᠥᠪᠡᠳ ᠬᠠᠰᠢ︾ ᠶᠢᠨ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ | ᠭᠡᠷᠡᠴᠢᠯᠡᠯ ᠤᠨ ᠪᠦᠲᠦᠭᠡᠭᠳᠡᠬᠦᠨ ᠢ ᠬᠦᠴᠦᠯᠡᠨ ᠪᠣᠶ ᠪᠣᠯᠭᠠᠨ᠎ᠠ᠃ ᠪᠡᠶᠡᠴᠢᠯᠡᠨ ᠣᠶᠢᠯᠠᠭᠠᠬᠤ ᠮᠠᠶ᠋ᠢᠭ ᠤᠨ᠂ ᠬᠠᠷᠢᠯᠴᠠᠨ | ᠬᠥᠳᠡᠯᠦᠯᠴᠡᠬᠦ ᠮᠠᠶ᠋ᠢᠭ ᠤᠨ ᠬᠡᠷᠡᠭᠯᠡᠭᠡᠨ ᠤ ᠰᠢᠨ᠎ᠡ ᠪᠠᠶᠢᠳᠠᠯ ᠢ ᠪᠣᠶ ᠪᠣᠯᠭᠠᠬᠤ ᠪᠠᠷ ᠳᠠᠮᠵᠢᠭᠤᠯᠤᠨ᠂ | ᠵᠢᠭᠤᠯᠴᠢᠯᠠᠭᠴᠢᠳ ᠲᠤ ᠨᠤᠲᠤᠭ ᠤᠨ ᠠᠷᠠᠳ ᠤᠨ ᠰᠤᠷᠲᠠᠯ ᠢ ᠮᠡᠳᠡᠷᠡᠭᠦᠯᠵᠦ᠂ ᠲᠡᠭᠦᠬᠦ ᠶᠠᠪᠤᠴᠠ ᠳᠤ ᠬᠥᠳᠡᠭᠡ ᠶᠢᠨ | ᠠᠮᠢᠳᠤᠷᠠᠯ ᠢ ᠣᠶᠢᠯᠠᠭᠠᠵᠤ᠂ ᠲᠠᠷᠢᠶᠠᠯᠠᠩ ᠤᠨ ᠶᠠᠪᠤᠳᠠᠯ ᠤᠨ ᠪᠡᠶᠡᠴᠢᠯᠡᠨ ᠣᠶᠢᠯᠠᠭᠠᠬᠤ ᠳᠤᠮᠳᠠ ᠠᠭᠤᠯᠠ ᠶᠢ ᠣᠯᠵᠤ | ᠬᠠᠷᠠᠨ᠂ ᠤᠰᠤ ᠶᠢ ᠣᠯᠵᠤ ᠬᠠᠷᠠᠨ᠂ ᠨᠤᠲᠤᠭ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠨ᠎ᠠ᠃ | |