| ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠠᠵᠤ | ᠠᠬᠤᠶᠢᠯᠠᠯ ᠳᠤ ᠦᠢᠯᠡᠴᠢᠯᠡᠬᠦ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠦᠨᠡᠨᠬᠦ | ᠳᠡᠭᠡᠭᠰᠢᠯᠡᠭᠦᠯᠬᠦ ᠶᠢᠨ ᠲᠥᠯᠥᠭᠡ᠂ ᠨᠢᠩᠴᠧᠩ ᠰᠢᠶᠠᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ︽ᠪᠥᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠺᠠᠳ᠋ᠷ ᠤᠨ ︿ᠠᠵᠤ ᠠᠬᠤᠶᠢᠯᠠᠯ ᠢ ᠰᠤᠷᠪᠤᠯᠵᠢᠯᠠᠵᠤ ᠬᠡᠷᠡᠭᠴᠡᠭᠡ ᠶᠢ ᠨᠢ ᠠᠰᠠᠭᠤᠬᠤ﹀ | ᠠᠵᠢᠯᠯᠠᠭ᠎ᠠ ᠶᠢᠨ ᠲᠥᠰᠦᠯ︾᠂ ︽ᠤᠯᠠᠭᠠᠨᠬᠠᠳᠠ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ︿ᠬᠡᠷᠡᠭᠴᠡᠭᠡ | ᠱᠠᠭᠠᠷᠳᠠᠯᠭ᠎ᠠ ᠶᠢ ᠨᠢ ᠪᠠᠶᠢᠴᠠᠭᠠᠬᠤ﹀ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ | ᠶᠣᠰᠣᠭᠠᠷ᠂ ︽ᠠᠵᠤ ᠠᠬᠤᠶᠢᠯᠠᠯ ᠢ ᠰᠤᠷᠪᠤᠯᠵᠢᠯᠠᠵᠤ ᠬᠡᠷᠡᠭᠴᠡᠭᠡ ᠶᠢ ᠠᠰᠠᠭᠤᠬᠤ︾ ᠠᠵᠢᠯ ᠢ ᠥᠷᠨᠢᠭᠦᠯᠪᠡ᠃ 10 | ᠰᠠᠷ᠎ᠠ ᠶᠢᠨ 10 ᠤ ᠡᠳᠦᠷ ᠠᠴᠠ 10 ᠰᠠᠷ᠎ᠠ ᠶᠢᠨ 20 ᠤ ᠡᠳᠦᠷ ᠪᠣᠯᠲᠠᠯ᠎ᠠ᠂ ᠳᠤᠭᠤᠶᠢᠯᠠᠩ ᠬᠤᠪᠢᠶᠠᠨ | ᠳᠠᠭᠠᠭᠠᠴᠢᠯᠠᠭᠰᠠᠨ ᠬᠡᠰᠡᠭ ᠢᠶᠠᠷ ᠨᠢᠩᠴᠧᠩ ᠰᠢᠶᠠᠨ ᠤ ᠬᠢᠯᠢ ᠳᠣᠲᠣᠷᠠᠬᠢ 116 ᠠᠵᠤ ᠠᠬᠤᠶᠢᠯᠠᠯ ᠳᠤ ᠪᠠᠶᠢᠴᠠᠭᠠᠨ | ᠰᠤᠳᠤᠯᠤᠯᠲᠠ ᠬᠢᠪᠠ᠃ | ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠠᠵᠢᠯ ᠤᠨ ᠬᠠᠷᠠᠯᠲᠠ᠂ | ᠡᠭᠦᠷᠭᠡ ᠶᠢᠨ ᠠᠵᠢᠯ ᠤᠨ ᠬᠤᠪᠢᠶᠠᠷᠢᠯᠠᠯ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ︽ | ᠠᠵᠤ ᠠᠬᠤᠶᠢᠯᠠᠯ ᠢ ᠰᠤᠷᠪᠤᠯᠵᠢᠯᠠᠵᠤ ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ︾ ᠠᠵᠢᠯ ᠤᠨ ᠡᠮᠬᠢ ᠵᠢᠷᠤᠮ ᠲᠠᠢ | ᠥᠷᠨᠢᠬᠦ ᠶᠢ ᠦᠨᠡᠨᠬᠦ ᠪᠠᠲᠤᠯᠠᠪᠠ᠃ ᠡᠯ᠎ᠡ ᠠᠵᠢᠯᠯᠠᠬᠤ ᠳᠤᠭᠤᠶᠢᠯᠠᠩ ᠤᠨ ᠪᠦᠷᠢᠯᠳᠦᠬᠦᠨ ᠬᠠᠷᠢᠶ᠎ᠠ ᠣᠷᠣᠨ ᠤ ᠪᠠᠨ | ᠡᠯ᠎ᠡ ᠲᠥᠷᠥᠯ ᠤᠨ ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠲᠠᠶᠢᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠵᠦ᠂ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠶᠠᠷᠢᠯᠴᠠᠨ ᠰᠣᠯᠢᠯᠴᠠᠵᠤ᠂ ᠠᠵᠤ ᠠᠬᠤᠶᠢᠯᠠᠯ ᠤᠨ | ᠬᠠᠷᠢᠭᠤᠴᠠᠯᠭᠠᠲᠠᠨ᠂ ᠬᠠᠮᠢᠶᠠᠷᠤᠯᠲᠠ ᠶᠢᠨ ᠠᠵᠢᠯᠲᠠᠨ ᠲᠠᠢ ᠭᠦᠨᠵᠡᠭᠡᠶ ᠨᠡᠪᠲᠡᠷᠡᠯᠴᠡᠵᠦ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠬᠥᠭᠵᠢᠯᠲᠡ ᠶᠢᠨ ᠲᠥᠯᠥᠪᠵᠢᠭᠦᠯᠭᠡ᠂ ᠴᠢᠳᠠᠪᠤᠷᠢᠲᠠᠨ ᠤ ᠬᠡᠷᠡᠭᠴᠡᠭᠡ | ᠱᠠᠭᠠᠷᠳᠠᠯᠭ᠎ᠠ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠲᠠᠶᠢᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ᠂ | ᠰᠠᠨᠠᠯ ᠪᠠ ᠰᠠᠨᠠᠭᠤᠯᠭ᠎ᠠ ᠶᠢ ᠨᠠᠷᠢᠨ ᠣᠶᠢᠯᠠᠭᠠᠪᠠ᠃ ᠰᠤᠷᠪᠤᠯᠵᠢᠯᠠᠬᠤ ᠶᠠᠪᠤᠴᠠ ᠳᠤ ᠴᠤᠭᠯᠠᠭᠤᠯᠤᠭᠰᠠᠨ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠲᠥᠷᠥᠯ ᠬᠤᠪᠢᠶᠠᠨ ᠡᠮᠬᠢᠯᠡᠵᠦ᠂ ᠠᠵᠤ ᠠᠬᠤᠶᠢᠯᠠᠯ ᠤᠨ ᠬᠡᠷᠡᠭᠴᠡᠭᠡ | ᠱᠠᠭᠠᠷᠳᠠᠯᠭ᠎ᠠ ᠶᠢᠨ ᠡᠬᠡ ᠲᠠᠩᠰᠠ ᠶᠢ ᠪᠠᠶᠢᠭᠤᠯᠤᠨ᠂ ᠬᠠᠷᠢᠭᠤᠴᠠᠯᠭᠠᠲᠤ ᠨᠢᠭᠡᠴᠡ ᠪᠠ ᠰᠢᠢᠳᠪᠦᠷᠢᠯᠡᠬᠦ ᠴᠠᠭ ᠤᠨ | ᠬᠢᠵᠠᠭᠠᠷ ᠢ ᠲᠣᠳᠣᠷᠬᠠᠶᠢᠯᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ | ᠪᠦᠲᠦᠮᠵᠢᠲᠡᠶ ᠰᠢᠢᠳᠪᠦᠷᠢᠯᠡᠬᠦ ᠶᠢ ᠦᠨᠡᠨᠬᠦ ᠪᠠᠲᠤᠯᠠᠨ᠎ᠠ᠃ ᠠᠵᠤ ᠠᠬᠤᠶᠢᠯᠠᠯ ᠤᠨ ᠳᠤᠷᠠᠳᠤᠭᠰᠠᠨ ᠬᠡᠷᠡᠭᠴᠡᠭᠡ ᠳᠤ | ᠴᠢᠭᠯᠡᠭᠦᠯᠦᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠴᠠᠭ | ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠪᠡ᠃ ᠲᠡᠷᠡ ᠳᠠᠷᠤᠶ ᠳᠤᠨᠢ ᠰᠢᠢᠳᠪᠤᠷᠢᠯᠡᠵᠦ ᠳᠡᠶᠢᠯᠬᠦ ᠠᠰᠠᠭᠤᠳᠠᠯ ᠢ | ᠲᠤᠬᠠᠶ ᠶᠢᠨ ᠭᠠᠵᠠᠷ ᠲᠤᠨᠢ ᠬᠠᠷᠢᠭᠤᠯᠲᠠ ᠥᠭᠴᠦ ᠰᠢᠢᠳᠪᠤᠷᠢᠯᠡᠪᠡ᠃ ᠣᠯᠠᠨ ᠰᠠᠯᠠᠭ᠎ᠠ ᠮᠥᠴᠢᠷ ᠬᠠᠮᠵᠢᠯᠴᠠᠨ | ᠰᠢᠢᠳᠪᠤᠷᠢᠯᠡᠬᠦ ᠴᠢᠬᠤᠯᠠᠲᠠᠶ ᠠᠰᠠᠭᠤᠳᠠᠯ ᠢ ᠪᠣᠯ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠨ ᠬᠠᠮᠵᠢᠯᠴᠠᠬᠤ | ᠰᠠᠯᠠᠭ᠎ᠠ ᠮᠥᠴᠢᠷ ᠢ ᠲᠣᠳᠣᠷᠬᠠᠶᠢᠯᠠᠨ᠂ ᠴᠠᠭ ᠬᠢᠵᠠᠭᠠᠷᠯᠠᠨ ᠰᠢᠢᠳᠪᠤᠷᠢᠯᠡᠪᠡ᠃ ᠲᠦᠷ ᠴᠠᠭ ᠰᠢᠢᠳᠪᠦᠷᠢᠯᠡᠬᠦ ᠳᠤ | ᠪᠡᠷᠬᠡᠲᠡᠶ ᠠᠰᠠᠭᠤᠳᠠᠯ ᠢ ᠠᠵᠤ ᠠᠬᠤᠶᠢᠯᠠᠯ ᠳᠤ ᠴᠠᠭ ᠲᠤᠬᠠᠶ ᠳᠤᠨᠢ ᠲᠣᠳᠣᠷᠬᠠᠶᠢᠯᠠᠬᠤ ᠶᠢᠨ ᠬᠠᠮᠲᠤ ᠦᠷᠭᠦᠯᠵᠢᠯᠡᠨ | ᠮᠥᠷᠳᠡᠨ ᠠᠬᠢᠭᠤᠯᠤᠨ᠎ᠠ᠃ | ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ︽ᠠᠵᠤ ᠠᠬᠤᠶᠢᠯᠠᠯ ᠢ ᠰᠤᠷᠪᠤᠯᠵᠢᠯᠠᠵᠤ ᠬᠡᠷᠡᠭᠴᠡᠭᠡ ᠶᠢ | ᠠᠰᠠᠭᠤᠬᠤ︾ ᠠᠵᠤ ᠠᠬᠤᠶᠢᠯᠠᠯ ᠤᠨ ᠴᠢᠳᠠᠪᠤᠷᠢᠲᠠᠨ ᠤ ᠬᠡᠷᠡᠭᠴᠡᠭᠡ ᠶᠢ ᠨᠡᠶᠢᠲᠡ 97 ᠴᠤᠭᠯᠠᠭᠤᠯᠵᠤ᠂ ᠡᠭᠦᠨ ᠳᠤ | ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ 10᠂ ᠤᠷ᠎ᠠ ᠮᠡᠷᠭᠡᠵᠢᠯ ᠤᠨ ᠴᠢᠳᠠᠪᠤᠷᠢᠲᠠᠨ ᠤ | ᠬᠡᠷᠡᠭᠴᠡᠭᠡ 64᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠡᠷᠡᠭᠴᠡᠭᠡ ᠱᠠᠭᠠᠷᠳᠠᠯᠭ᠎ᠠ 23 ᠪᠠᠶᠢᠨ᠎ᠠ᠃ | ᠬᠤᠶᠢᠰᠢᠲᠠ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ | ᠨᠡᠩ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ᠃ |