| ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ | ᠤᠯᠠᠮ ᠨᠢᠭᠡ ᠠᠯᠬᠤᠮ ᠴᠢᠩᠭᠠᠳᠬᠠᠵᠤ᠂ ᠵᠠᠮ ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ | ᠪᠠᠭᠠᠰᠬᠠᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠪᠣᠯᠤᠨ ᠲᠡᠮᠤᠷ ᠵᠠᠮ ᠤᠨ ᠵᠡᠭᠦᠨᠲᠡᠬᠢ ᠵᠡᠭᠡᠯᠢ ᠭᠤᠳᠤᠮᠵᠢ ᠬᠠᠮᠲᠤᠷᠠᠨ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠲᠠᠶᠢᠯᠤᠮᠵᠢ ᠡᠷᠭᠢᠯᠡᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ | ᠶᠢᠨ ᠴᠢᠬᠤᠯᠠ ᠶᠡᠭᠡ ᠠᠴᠢ ᠬᠤᠯᠪᠣᠭᠳᠠᠯ ᠲᠠᠢ ᠮᠡᠳᠡᠯᠭᠡ ᠶᠢᠨ ᠲᠠᠶᠢᠯᠤᠮᠵᠢ ᠥᠷᠨᠢᠭᠦᠯᠪᠡ᠃ | ᠲᠠᠶᠢᠯᠤᠮᠵᠢ ᠶᠢᠨ ᠲᠤᠬᠠᠶ ᠶᠢᠨ ᠲᠠᠯᠠᠪᠠᠢ ᠳᠤ᠂ ᠤᠷᠢᠭᠳᠠᠭᠰᠠᠨ ᠠᠷᠠᠳ ᠤᠨ ᠴᠠᠭᠳᠠᠭ᠎ᠠ ᠪᠣᠳᠠᠲᠤ ᠬᠡᠷᠡᠭ ᠤᠨ | ᠵᠢᠱᠢᠶ᠎ᠡ ᠲᠠᠢ ᠤᠶᠠᠯᠳᠤᠭᠤᠯᠤᠨ᠂ ᠰᠠᠭᠤᠭᠠᠯᠢ ᠠᠷᠠᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢᠨ | ᠬᠠᠮᠢᠶ᠎ᠠ ᠪᠦᠬᠦᠢ ᠲᠣᠭᠲᠠᠭᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠪᠠ᠃ ᠶᠠᠪᠠᠭᠠᠨ ᠬᠥᠮᠦᠨ᠂ | ᠵᠢᠯᠣᠭᠤᠴᠢ ᠶᠢᠨ ᠵᠠᠮ ᠳᠡᠭᠡᠷᠡᠬᠢ ᠡᠷᠬᠡ ᠪᠠ ᠡᠭᠦᠷᠭᠡ ᠵᠢᠴᠢ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ | ᠵᠥᠷᠢᠴᠡᠭᠰᠡᠨ ᠠᠴᠠ ᠪᠣᠯᠤᠭᠰᠠᠨ ᠬᠦᠨᠳᠦ ᠨᠣᠴᠢᠲᠠᠶ ᠦᠷ᠎ᠡ ᠳ᠋ᠦᠩ ᠢ ᠨᠠᠷᠢᠨ ᠲᠣᠳᠣᠷᠬᠠᠶ ᠲᠣᠳᠣᠷᠬᠠᠶᠢᠯᠠᠨ ᠥᠭᠦᠯᠡᠪᠡ | ᠃ ᠠᠮᠢᠳᠤᠯᠢᠭ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠᠷ ᠳᠡᠮᠵᠢᠨ᠂ ᠰᠠᠭᠤᠭᠠᠯᠢ ᠠᠷᠠᠳ ᠵᠠᠮ ᠬᠠᠷᠢᠯᠴᠠᠭᠠᠨ ᠤ | ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ ᠤᠯᠪᠠ᠃ ᠲᠠᠶᠢᠯᠤᠮᠵᠢ ᠬᠢᠬᠦ | ᠶᠠᠪᠤᠴᠠ ᠳᠤ᠂ ᠰᠠᠭᠤᠭᠠᠯᠢ ᠠᠷᠠᠳ ᠨᠠᠷᠢᠨ ᠬᠢᠨᠠᠮᠠᠭᠠᠶ ᠰᠣᠨᠣᠰᠴᠤ᠂ ᠪᠠᠶᠢᠨ ᠪᠠᠶᠢᠨ ᠥᠪᠡᠷ ᠤᠨ ᠠᠰᠠᠭᠤᠯᠲᠠ ᠪᠠ | ᠦᠵᠡᠯᠲᠡ ᠪᠠᠨ ᠳᠤᠷᠠᠳᠪᠠ᠃ ᠤᠷᠢᠭᠳᠠᠭᠰᠠᠨ ᠠᠷᠠᠳ ᠤᠨ ᠴᠠᠭᠳᠠᠭ᠎ᠠ ᠰᠠᠭᠤᠭᠠᠯᠢ ᠠᠷᠠᠳ ᠤᠨ ᠠᠰᠠᠭᠤᠳᠠᠯ ᠢ | ᠬᠦᠯᠢᠴᠡᠩᠭᠦᠶ ᠪᠠᠷ ᠬᠠᠷᠢᠭᠤᠯᠵᠤ᠂ ᠣᠯᠠᠨ ᠲᠠᠢ ᠢᠳᠡᠪᠬᠢᠲᠡᠶ ᠪᠠᠷ ᠬᠠᠷᠢᠯᠴᠠᠨ ᠰᠣᠯᠢᠯᠴᠠᠵᠠᠶ᠃ ᠲᠤᠬᠠᠢ ᠶᠢᠨ | ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠰᠤᠷᠤᠯᠴᠠᠯᠭ᠎ᠠ ᠶᠢᠨ ᠠᠭᠤᠷ ᠠᠮᠢᠰᠬᠤᠯ ᠭᠦᠨ | ᠵᠤᠵᠠᠭᠠᠨ ᠪᠠᠶᠢᠯ᠎ᠠ᠃ ᠲᠣᠰ ᠤᠳᠠᠭᠠᠨ ᠤ ᠲᠠᠶᠢᠯᠤᠮᠵᠢ ᠨᠢ ᠪᠠᠷᠤᠭ 400 ᠭᠠᠷᠤᠶ ᠰᠠᠭᠤᠭᠠᠯᠢ ᠠᠷᠠᠳ ᠣᠷᠣᠯᠴᠠᠵᠠᠶ᠃ | | ᠲᠣᠰ ᠤᠳᠠᠭᠠᠨ ᠤ ᠲᠠᠶᠢᠯᠤᠮᠵᠢ ᠶᠢ ᠡᠷᠭᠢᠯᠡᠭᠰᠡᠨ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠠᠮᠤᠷ | ᠲᠦᠪᠰᠢᠨ᠂ ᠡᠮᠬᠢ ᠵᠢᠷᠤᠮ ᠲᠠᠢ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠵᠠᠮ ᠬᠠᠷᠢᠯᠴᠠᠭᠠᠨ ᠤ ᠣᠷᠴᠢᠨ | ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠲᠠᠷᠠᠭᠠᠴᠢ ᠶᠢᠨ ᠠᠯᠬᠤᠮ ᠳᠤ᠂ ᠨᠢᠩᠴᠧᠩ | ᠰᠢᠶᠠᠨ ᠡᠶᠢᠮᠦᠷᠬᠦ ᠠᠵᠢᠯᠯᠠᠭ᠎ᠠ ᠶᠢ ᠳᠡᠯᠭᠡᠷᠡᠭᠦᠯᠦᠨ ᠥᠷᠨᠢᠭᠦᠯᠵᠦ᠂ ᠰᠠᠭᠤᠭᠠᠯᠢ ᠠᠷᠠᠳ ᠲᠤ ᠨᠠᠩ ᠣᠯᠠᠨ ᠪᠣᠳᠠᠲᠤ | ᠬᠡᠷᠡᠭᠯᠡᠭᠡᠨ ᠤ ᠬᠠᠤᠯᠢ ᠴᠠᠭᠠᠵᠠ ᠶᠢᠨ ᠮᠡᠳᠡᠯᠭᠡ ᠪᠠ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠬᠠᠩᠭᠠᠵᠤ᠂ ᠵᠣᠯ | ᠵᠢᠷᠭᠠᠯᠲᠤ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠤᠨ᠎ᠠ᠃ |