| ᠨᠢᠭᠡ ᠳᠤ ᠲᠤᠤᠷ᠎ᠠ ᠬᠤᠷᠤᠭ᠎ᠠ ᠪᠠᠯᠭᠠᠰᠤ ︽ᠬᠤᠶᠠᠷ ᠢ ᠬᠢᠵᠠᠭᠠᠷᠯᠠᠬᠤ ᠥᠬᠡᠶ︾ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠂ ᠮᠥ ᠪᠦᠷᠢ ᠶᠢᠨ ᠠᠵᠤ ᠠᠬᠤᠶ ᠶᠢᠨ ᠣᠶ ᠶᠢᠨ ᠨᠥᠬᠦᠪᠥᠷᠢ ᠶᠢ 1500-2000 ᠲᠥᠭᠦᠷᠢᠭ | ᠨᠥᠬᠦᠪᠥᠷᠢᠯᠡᠵᠦ᠂ ᠵᠢᠮᠢᠰ ᠤᠨ ᠮᠣᠳᠣᠨ ᠤ ᠠᠵᠤ ᠠᠬᠤᠶ ᠶᠢᠨ ᠣᠶ ᠶᠢᠨ ᠬᠡᠪᠴᠢᠶᠡᠵᠢᠭᠰᠡᠨ ᠬᠥᠭᠵᠢᠯᠲᠡ ᠶᠢ ᠬᠦᠴᠦᠲᠡᠶ | ᠳᠥᠯᠭᠢᠨ ᠠᠬᠢᠭᠤᠯᠪᠠ᠃ ᠣᠳᠣᠬᠠᠨ ᠳᠤ᠂ ᠪᠥᠬᠦ ᠪᠠᠯᠭᠠᠰᠤᠨ ᠤ ᠵᠢᠮᠢᠰ ᠤᠨ ᠮᠣᠳᠣᠨ ᠤ ᠠᠵᠤ ᠠᠬᠤᠶ ᠶᠢᠨ ᠣᠶ ᠶᠢᠨ | ᠲᠠᠯᠠᠪᠠᠶ 4.1 ᠲᠦᠮᠡᠨ ᠮᠥ ᠳᠤ ᠬᠦᠷᠴᠦ᠂ ᠡᠭᠦᠨ ᠳᠤ 1.8 ᠲᠦᠮᠡᠨ ᠮᠥ ᠵᠢᠮᠢᠰ ᠡᠯᠪᠡᠭ ᠬᠤᠷᠢᠶᠠᠬᠤ | ᠬᠤᠭᠤᠴᠠᠭᠠᠨ ᠳᠤ ᠣᠷᠣᠰᠢᠵᠤ᠂ ᠵᠢᠯ ᠳᠤ 3.6 ᠲᠦᠮᠡᠨ ᠲᠣᠨ ᠵᠢᠮᠢᠰ ᠤᠨ ᠪᠦᠲᠦᠭᠡᠭᠳᠡᠬᠦᠨ ᠦᠢᠯᠡᠳᠪᠦᠷᠢᠯᠡᠵᠦ᠂ | ᠦᠢᠯᠡᠳᠬᠦᠨ ᠤ ᠥᠷᠲᠡᠭ ᠨᠢ 1.8 ᠳ᠋ᠦᠩᠰᠢᠭᠤᠷ ᠲᠥᠭᠦᠷᠢᠭ ᠲᠤ ᠬᠦᠷᠴᠦ᠂ ᠴᠡᠪᠡᠷ ᠣᠷᠣᠯᠭ᠎ᠠ ᠨᠢ 1.4 | ᠳ᠋ᠦᠩᠰᠢᠭᠤᠷ ᠲᠥᠭᠦᠷᠢᠭ ᠲᠤ ᠬᠦᠷᠴᠦ᠂ ᠬᠥᠮᠦᠨ ᠳᠤᠮᠳᠠᠴᠢ ᠶᠢᠨ ᠣᠷᠣᠯᠭ᠎ᠠ ᠨᠢ 5000 ᠲᠥᠭᠦᠷᠢᠭ ᠨᠡᠮᠡᠭᠳᠡᠪᠡ᠃ | ᠬᠤᠶᠠᠷ ᠲᠤ᠂ ᠬᠤᠷᠬᠤᠭ ᠭᠤᠣᠯ ᠪᠠᠯᠭᠠᠰᠤᠨ ᠤ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ | ᠬᠠᠶᠢᠨ ᠰᠦᠪᠡᠭᠴᠢᠯᠡᠵᠦ᠂ ᠬᠠᠷᠠᠴᠠ ᠪᠠᠨ ᠣᠶ ᠶᠢᠨ ᠬᠤᠷᠮᠣᠶ ᠶᠢᠨ ᠠᠵᠤ ᠠᠬᠤᠢ ᠲᠡᠶᠢᠰᠢ ᠬᠤᠪᠢᠷᠠᠭᠤᠯᠵᠤ᠂ | ᠤᠯᠠᠭᠠᠨ ᠨᠠᠷᠠᠰᠤᠨ ᠡᠪᠡᠰᠦ᠂ ᠬᠠᠷ᠎ᠠ ᠳᠡᠯᠳᠡᠦ᠂ ᠪᠢᠯᠢᠭᠲᠦ ᠳᠡᠯᠳᠡᠦ ᠵᠡᠷᠭᠡ ᠤᠨᠴᠠᠯᠢᠬᠳᠤ ᠲᠠᠷᠢᠮᠠᠯ ᠤᠨ ᠠᠵᠤ | ᠦᠢᠯᠡᠰ ᠢ ᠠᠮᠵᠢᠯᠲᠠ ᠲᠠᠢ ᠬᠥᠭᠵᠢᠭᠦᠯᠵᠦ᠂ ᠲᠠᠷᠢᠶᠠᠴᠢᠳ ᠲᠤ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ | ᠨᠡᠭᠡᠭᠡᠨ ᠥᠭᠭᠦᠭᠰᠡᠨ ᠢᠶᠠᠷ ᠪᠠᠷᠠᠬᠤ ᠦᠭᠡᠢ ᠪᠠᠰᠠ 200 ᠭᠠᠷᠤᠢ ᠲᠣᠰᠬᠤᠨ ᠤ ᠠᠷᠠᠳ ᠲᠤ ᠠᠵᠢᠯ ᠤᠨ ᠪᠠᠶᠢᠷᠢ | ᠬᠠᠩᠭᠠᠪᠠ᠃ ᠪᠦᠷᠢᠳᠬᠡᠯ ᠢ ᠦᠨᠳᠦᠰᠦᠯᠡᠪᠡᠯ᠂ ᠲᠣᠰ ᠪᠠᠯᠭᠠᠰᠤ ᠨᠡᠶᠢᠲᠡ 800 ᠮᠦ ᠣᠶ ᠶᠢᠨ ᠬᠤᠷᠮᠣᠶ ᠶᠢᠨ | ᠲᠠᠷᠢᠮᠠᠯ ᠳᠠᠷᠢᠵᠤ᠂ ᠴᠡᠪᠡᠷ ᠣᠷᠣᠯᠭ᠎ᠠ ᠪᠠᠷᠤᠭ 2000 ᠲᠦᠮᠡᠨ ᠲᠥᠭᠦᠷᠢᠭ ᠬᠦᠷᠴᠡᠶ᠃ | ᠭᠤᠷᠪᠠ ᠳᠤ᠂ ᠪᠦᠬᠦ ᠰᠢᠶᠠᠨ ᠢᠶᠠᠷ ᠢᠶᠠᠨ ︽ᠮᠦᠬᠦ ᠨᠣᠭᠤᠭ᠎ᠠ ᠵᠢᠮᠢᠰ ᠦᠬᠡᠷ︾ ᠤᠨ ᠭᠤᠣᠯᠯᠠᠬᠤ ᠠᠵᠤ | ᠦᠢᠯᠡᠰ ᠢ ᠶᠡᠬᠡᠪᠡᠷ ᠬᠥᠭᠵᠢᠭᠦᠯᠵᠦ᠂ ᠠᠷᠠᠳ ᠤᠨ ᠣᠷᠣᠯᠭ᠎ᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠪᠡ᠃ ᠲᠤᠰ | ᠰᠢᠶᠠᠨ ᠤᠷᠢᠳ ᠬᠤᠵᠢᠳ ᠤᠯᠠᠨ ᠬᠤᠭᠤᠴᠠᠭᠠᠨ ᠤ ᠲᠥᠪ ᠤᠨ ᠲᠤᠰᠬᠠᠢ ᠲᠦᠷᠦᠯ ᠤᠨ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠲᠦᠷᠦᠯ ᠵᠦᠢᠯ᠂ ᠬᠤᠪᠢᠰᠬᠠᠯ ᠤᠨ ᠡᠷᠲᠡ | ᠴᠢᠯᠥᠭᠡᠯᠡᠭᠳᠡᠭᠰᠡᠨ ᠣᠷᠣᠨ ᠤ ᠲᠤᠰᠬᠠᠢ ᠲᠦᠷᠦᠯ ᠤᠨ ᠪᠡᠯᠡ ᠮᠥᠩᠭᠦ ᠶᠢᠨ ᠲᠦᠷᠦᠯ ᠵᠦᠢᠯ ᠪᠣᠯᠤᠨ ᠬᠤᠪᠢᠰᠬᠠᠯ ᠤᠨ | ᠡᠷᠲᠡ ᠴᠢᠯᠥᠭᠡᠯᠡᠭᠳᠡᠭᠰᠡᠨ ᠣᠷᠣᠨ ᠤ ᠰᠢᠯᠵᠢᠭᠦᠯᠦᠨ ᠥᠭᠬᠦ ᠪᠡᠯᠡ ᠮᠥᠩᠭᠦ ᠶᠢᠨ ᠲᠦᠷᠦᠯ ᠵᠦᠢᠯ ᠢ ᠬᠡᠷᠡᠭᠵᠢᠭᠦᠯᠵᠦ᠂ | ᠶᠡᠷᠦᠩᠬᠡᠢ ᠪᠡᠯᠡ ᠣᠷᠣᠭᠤᠯᠤᠯᠲᠠ ᠨᠢ 8200 ᠲᠦᠮᠡᠨ ᠲᠥᠭᠦᠷᠢᠭ ᠲᠤ ᠬᠦᠷᠴᠦ᠂ ᠪᠦᠬᠦ ᠰᠢᠶᠠᠨ ᠤ ᠵᠠᠮ | ᠬᠠᠷᠢᠯᠴᠠᠭ᠎ᠠ᠂ ᠴᠠᠬᠢᠯᠭᠠᠨ ᠬᠦᠴᠦᠨ ᠴᠢᠮᠡᠭᠡ ᠬᠤᠯᠪᠣᠭ᠎ᠠ᠂ ᠤᠰᠤ ᠤᠮᠳᠠ ᠶᠢᠨ ᠠᠮᠤᠷ ᠲᠦᠪᠰᠢᠨ᠂ | ᠲᠠᠷᠢᠶᠠᠴᠢᠳ ᠤᠨ ᠰᠣᠶᠣᠯ ᠤᠨ ᠠᠵᠢᠯᠯᠠᠭᠠᠨ ᠤ ᠲᠠᠯᠠᠪᠤᠷ᠂ ᠠᠷᠠᠳ ᠲᠤ ᠲᠦᠬᠦᠮ ᠦᠵᠡᠭᠦᠯᠬᠦ ᠬᠡᠳᠦ ᠳᠡᠯᠭᠡᠭᠦᠷ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠵᠡᠷᠭᠡ ᠰᠠᠭᠤᠷᠢ ᠲᠥᠬᠦᠭᠡᠷᠦᠮᠵᠢ ᠪᠣᠯᠤᠨ ᠤᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠢᠯᠡᠳᠲᠡ ᠰᠠᠶᠢᠵᠢᠷᠠᠭᠤᠯᠪᠠ᠃ |