| | | | ᠨᠢᠭᠡ ᠳᠤ᠂ ᠳᠡᠭᠡᠳᠦ ᠪᠠᠶᠢᠷᠢ ᠪᠠᠷ ᠠᠬᠢᠭᠤᠯᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠎ᠠ᠃ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠬᠦ ᠶᠠᠪᠤᠳᠠᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠤᠷᠤᠭᠤᠯᠪᠠ᠃ ᠨᠢᠩᠴᠧᠩ | ᠰᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠬᠤ﹀ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠨᠳᠦᠰᠦᠨ | ᠱᠠᠲᠤᠨ ᠤ ᠠᠵᠢᠯᠯᠠᠭ᠎ᠠ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠬᠦ ᠲᠤᠬᠠᠢ | ᠠᠵᠢᠯ ᠤᠨ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠪᠣᠳᠠᠲᠠᠢ ᠱᠠᠭᠠᠷᠳᠠᠯᠭ᠎ᠠ ᠳᠤᠷᠠᠳᠴᠤ᠂ | ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠡᠭᠦᠷᠭᠡ ᠶᠢ ᠵᠠᠯᠭᠠᠯᠳᠤᠭᠤᠯᠤᠨ ᠠᠪᠴᠠᠯᠳᠤᠭᠤᠯᠵᠤ᠂ ᠡᠮᠬᠢ ᠵᠢᠷᠤᠮ ᠲᠠᠢ ᠪᠠᠷ ᠵᠣᠯᠭᠠᠭᠤᠯᠬᠤ ᠶᠢ ᠪᠡᠶᠡᠯᠡᠭᠦᠯᠪᠡ᠃ | ᠬᠤᠶᠠᠷ ᠲᠤ᠂ ᠪᠣᠳᠠᠲᠠᠢ ᠲᠥᠷᠥᠭᠳᠡᠯ ᠲᠠᠢ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠤᠨ | ᠲᠠᠶᠢᠯᠪᠤᠷᠢᠯᠠᠬᠤ ᠶᠢ ᠭᠦᠨᠵᠡᠭᠡᠢ ᠥᠷᠨᠢᠭᠦᠯᠦᠨ᠎ᠡ᠃ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ | ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ᠂ ᠡᠯ᠎ᠡ | ᠪᠠᠯᠭᠠᠰᠤ ᠰᠢᠶᠠᠩ ᠵᠡᠭᠡᠯᠢ ᠭᠤᠳᠤᠮᠵᠢ ᠵᠡᠷᠭᠡ ᠨᠢᠭᠡᠴᠡ ᠲᠠᠢ ᠬᠤᠯᠪᠤᠭᠠᠯᠠᠨ᠂ ︽ᠰᠢᠶᠠᠨ ᠤ ᠱᠠᠲᠤ + ᠪᠠᠯᠭᠠᠰᠤ | ᠰᠢᠶᠠᠩ ᠵᠡᠭᠡᠯᠢ ᠭᠤᠳᠤᠮᠵᠢ︾ ᠬᠤᠶᠠᠷ ᠱᠠᠲᠤᠨ ᠤ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ 14 ᠵᠣᠬᠢᠶᠠᠨ | ᠪᠠᠶᠢᠭᠤᠯᠵᠤ᠂ ᠬᠤᠶᠠᠷ ᠱᠠᠲᠤᠨ ᠤ ᠬᠤᠯᠪᠤᠭᠠᠯᠠᠨ ᠬᠥᠳᠡᠯᠦᠯᠴᠡᠬᠦ ᠵᠠᠭᠪᠤᠷ ᠢ ᠪᠣᠶ ᠪᠣᠯᠭᠠᠵᠤ᠂ ᠡᠯ᠎ᠡ ᠪᠠᠯᠭᠠᠰᠤ ᠰᠢᠶᠠᠩ | ᠵᠡᠭᠡᠯᠢ ᠭᠤᠳᠤᠮᠵᠢ ᠡᠯ᠎ᠡ ᠨᠢᠭᠡᠴᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠬᠠᠭᠤᠯᠤᠨ | ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠬᠦ ᠶᠢ ᠬᠥᠲᠥᠯᠥᠨ ᠵᠢᠯᠣᠭᠤᠳᠤᠨ᠎ᠠ᠃ ᠣᠲᠣ ᠪᠣᠯᠲᠠᠯ᠎ᠠ᠂ ᠰᠢᠶᠠᠩ | ᠪᠠᠯᠭᠠᠰᠤ ︵ᠵᠡᠭᠡᠯᠢ ᠭᠤᠳᠤᠮᠵᠢ︶ ᠳᠤ 18 ᠲᠠᠯᠠᠪᠤᠷ ᠤᠳᠠᠭ᠎ᠠ ᠥᠷᠨᠢᠭᠦᠯᠵᠦ᠂ 1600 ᠬᠥᠮᠥᠨ ᠤᠳᠠᠭ᠎ᠠ ᠶᠢ | ᠬᠠᠮᠤᠷᠪᠠ᠃ ᠲᠣᠰᠬᠤᠨ ︵ᠨᠡᠶᠢᠭᠡᠮ ᠲᠣᠭᠤᠷᠢᠭ︶ ᠳᠤ 32 ᠲᠠᠯᠠᠪᠤᠷ ᠤᠳᠠᠭ᠎ᠠ ᠥᠷᠨᠢᠭᠦᠯᠵᠦ᠂ 2600 ᠬᠥᠮᠥᠨ | ᠤᠳᠠᠭ᠎ᠠ ᠶᠢ ᠬᠠᠮᠤᠷᠪᠠ᠃ ᠰᠤᠷᠭᠠᠭᠤᠯᠢ ᠳᠤ 12 ᠲᠠᠯᠠᠪᠤᠷ ᠤᠳᠠᠭ᠎ᠠ ᠥᠷᠨᠢᠭᠦᠯᠵᠦ᠂ 700 ᠬᠥᠮᠥᠨ ᠤᠳᠠᠭ᠎ᠠ ᠶᠢ | ᠬᠠᠮᠤᠷᠪᠠ᠃ ᠠᠵᠤ ᠠᠬᠤᠶᠢᠯᠠᠯ ᠳᠤ 4 ᠲᠠᠯᠠᠪᠤᠷ ᠤᠳᠠᠭ᠎ᠠ ᠥᠷᠨᠢᠭᠦᠯᠵᠦ᠂ 350 ᠬᠥᠮᠥᠨ ᠤᠳᠠᠭ᠎ᠠ ᠶᠢ ᠬᠠᠮᠤᠷᠪᠠ᠃ | ᠭᠤᠷᠪᠠ ᠳᠤ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠨ᠎ᠠ᠃ ᠨᠢᠩᠴᠧᠩ ᠤᠨ ᠬᠠᠮ ᠵᠠᠭᠤᠴᠢᠯᠠᠭᠤᠷ᠂ ᠨᠢᠩᠴᠧᠩ ᠤᠨ ᠨᠢᠭᠡᠳᠦᠮᠡᠯ ᠹᠷᠣᠨᠲ ᠵᠡᠷᠭᠡ ᠸᠧᠴᠠᠲ ᠤᠨ | ᠤᠯᠠᠨ ᠨᠡᠶᠢᠲᠡ ᠶᠢᠨ ᠳ᠋ᠤᠭᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ᠲᠤᠰᠬᠠᠢ ᠪᠤᠯᠤᠩ ᠭᠠᠷᠭᠠᠵᠤ᠂ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠦᠭᠰᠡᠨ ᠪᠠᠶᠢᠳᠠᠯ ᠢ ᠲᠥᠪᠯᠡᠷᠡᠭᠦᠯᠵᠦ᠂ ᠡᠯ᠎ᠡ ᠲᠦᠷᠦᠯ ᠤᠨ ᠡᠬᠡ ᠪᠢᠴᠢᠭ ᠢ ᠨᠡᠶᠢᠳᠡ 20 ᠭᠠᠷᠤᠢ ᠬᠤᠪᠢ | ᠨᠡᠶᠢᠲᠡᠯᠡᠪᠡ᠃ ᠤᠯᠠᠭᠠᠨᠮᠥ᠋ᠴᠢᠷ ᠲᠠᠢ ᠬᠤᠯᠪᠣᠭᠠᠯᠠᠵᠤ᠂ ᠨᠡᠶᠢᠭᠡᠮ ᠲᠣᠭᠤᠷᠢᠭ᠂ ᠲᠣᠰᠬᠤᠨ ᠳᠤ ᠭᠦᠨᠵᠡᠭᠡᠶᠢᠷᠡᠨ ︽ | ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠠᠷᠠᠳ ᠲᠤ ᠠᠰᠢᠭ | ᠬᠦᠷᠲᠡᠭᠡᠬᠦ ᠤᠷᠠᠨ ᠰᠠᠶᠢᠬᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 4 ᠲᠠᠯᠠᠪᠤᠷ ᠤᠷᠠᠨ | ᠰᠠᠶᠢᠬᠠᠨ ᠤ ᠲᠣᠭᠯᠠᠯᠲᠠ ᠥᠷᠨᠢᠭᠦᠯᠵᠦ᠂ 500 ᠭᠠᠷᠤᠢ ᠬᠥᠮᠥᠨ ᠤᠳᠠᠭ᠎ᠠ ᠳᠤ ᠬᠥᠷᠪᠡ᠃ ᠡᠯ᠎ᠡ ᠪᠠᠯᠭᠠᠰᠤ ᠰᠢᠶᠠᠩ | ᠵᠡᠭᠡᠯᠢ ᠭᠤᠳᠤᠮᠵᠢ ᠶᠢ ᠵᠣᠬᠢᠶᠠᠨ ᠪᠠᠶᠢᠭᠤᠯᠤᠨ ᠢᠯᠡ ᠲᠣᠳᠣ ᠭᠠᠵᠠᠷ ᠲᠤ 20 ᠭᠠᠷᠤᠢ ᠵᠤᠷᠪᠤᠰ ᠤᠬᠠᠭᠤᠯᠭ᠎ᠠ ᠶᠢᠨ | ᠬᠥᠨᠳᠡᠯᠡᠨ ᠪᠢᠴᠢᠭᠡᠰᠦ ᠶᠢ ᠡᠯᠭᠦᠨ᠂ 40 ᠭᠠᠷᠤᠢ ᠬᠤᠪᠢ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠵᠤ᠂ 40 | ᠭᠠᠷᠤᠢ ᠡᠯ᠎ᠡ ᠲᠥᠷᠥᠯ ᠤᠨ ᠤᠬᠠᠭᠤᠯᠭ᠎ᠠ ᠶᠢᠨ ᠵᠢᠷᠤᠭ ᠤᠨ ᠰᠠᠮᠪᠠᠷ᠎ᠠ ᠶᠢ ᠵᠣᠬᠢᠶᠠᠵᠤ᠂ ᠤᠬᠠᠭᠤᠯᠭ᠎ᠠ ᠶᠢᠨ ᠦᠷ᠎ᠡ | ᠪᠦᠲᠦᠮᠵᠢ ᠶᠢ ᠦᠨᠡᠨᠬᠦ ᠨᠡᠮᠡᠭᠳᠡᠭᠦᠯᠦᠨ᠂ ᠭᠦᠨ ᠵᠤᠵᠠᠭᠠᠨ ᠠᠭᠤᠷ ᠠᠮᠢᠰᠬᠤᠯ ᠢ ᠪᠢᠯᠬᠠᠭᠤᠯᠤᠨ᠎ᠠ᠃ | | |