| | | | | | | ᠨᠢᠭᠡ ᠳᠤ ᠲᠤᠤᠷ᠎ᠠ ᠬᠤᠷᠤᠭ᠎ᠠ ᠪᠠᠯᠭᠠᠰᠤ ︽ᠬᠤᠶᠠᠷ ᠢ ᠬᠢᠵᠠᠭᠠᠷᠯᠠᠬᠤ ᠥᠬᠡᠶ︾ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠂ ᠮᠥ ᠪᠦᠷᠢ ᠶᠢᠨ ᠠᠵᠤ ᠠᠬᠤᠶ ᠶᠢᠨ ᠣᠶ ᠶᠢᠨ ᠨᠥᠬᠦᠪᠥᠷᠢ ᠶᠢ 1500-2000 ᠲᠥᠭᠦᠷᠢᠭ | ᠨᠥᠬᠦᠪᠥᠷᠢᠯᠡᠵᠦ᠂ ᠵᠢᠮᠢᠰ ᠤᠨ ᠮᠣᠳᠣᠨ ᠤ ᠠᠵᠤ ᠠᠬᠤᠶ ᠶᠢᠨ ᠣᠶ ᠶᠢᠨ ᠬᠡᠪᠴᠢᠶᠡᠵᠢᠭᠰᠡᠨ ᠬᠥᠭᠵᠢᠯᠲᠡ ᠶᠢ ᠬᠦᠴᠦᠲᠡᠶ | ᠳᠥᠯᠭᠢᠨ ᠠᠬᠢᠭᠤᠯᠪᠠ᠃ ᠣᠳᠣᠬᠠᠨ ᠳᠤ᠂ ᠪᠥᠬᠦ ᠪᠠᠯᠭᠠᠰᠤᠨ ᠤ ᠵᠢᠮᠢᠰ ᠤᠨ ᠮᠣᠳᠣᠨ ᠤ ᠠᠵᠤ ᠠᠬᠤᠶ ᠶᠢᠨ ᠣᠶ ᠶᠢᠨ | ᠲᠠᠯᠠᠪᠠᠶ 4.1 ᠲᠦᠮᠡᠨ ᠮᠥ ᠳᠤ ᠬᠦᠷᠴᠦ᠂ ᠡᠭᠦᠨ ᠳᠤ 1.8 ᠲᠦᠮᠡᠨ ᠮᠥ ᠵᠢᠮᠢᠰ ᠡᠯᠪᠡᠭ ᠬᠤᠷᠢᠶᠠᠬᠤ | ᠬᠤᠭᠤᠴᠠᠭᠠᠨ ᠳᠤ ᠣᠷᠣᠰᠢᠵᠤ᠂ ᠵᠢᠯ ᠳᠤ 3.6 ᠲᠦᠮᠡᠨ ᠲᠣᠨ ᠵᠢᠮᠢᠰ ᠤᠨ ᠪᠦᠲᠦᠭᠡᠭᠳᠡᠬᠦᠨ ᠦᠢᠯᠡᠳᠪᠦᠷᠢᠯᠡᠵᠦ᠂ | ᠦᠢᠯᠡᠳᠬᠦᠨ ᠤ ᠥᠷᠲᠡᠭ ᠨᠢ 1.8 ᠳ᠋ᠦᠩᠰᠢᠭᠤᠷ ᠲᠥᠭᠦᠷᠢᠭ ᠲᠤ ᠬᠦᠷᠴᠦ᠂ ᠴᠡᠪᠡᠷ ᠣᠷᠣᠯᠭ᠎ᠠ ᠨᠢ 1.4 | ᠳ᠋ᠦᠩᠰᠢᠭᠤᠷ ᠲᠥᠭᠦᠷᠢᠭ ᠲᠤ ᠬᠦᠷᠴᠦ᠂ ᠬᠥᠮᠦᠨ ᠳᠤᠮᠳᠠᠴᠢ ᠶᠢᠨ ᠣᠷᠣᠯᠭ᠎ᠠ ᠨᠢ 5000 ᠲᠥᠭᠦᠷᠢᠭ ᠨᠡᠮᠡᠭᠳᠡᠪᠡ᠃ | ᠬᠤᠶᠠᠷ ᠲᠤ᠂ ᠬᠤᠷᠬᠤᠭ ᠭᠤᠣᠯ ᠪᠠᠯᠭᠠᠰᠤᠨ ᠤ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ | ᠬᠠᠶᠢᠨ ᠰᠦᠪᠡᠭᠴᠢᠯᠡᠵᠦ᠂ ᠬᠠᠷᠠᠴᠠ ᠪᠠᠨ ᠣᠶ ᠶᠢᠨ ᠬᠤᠷᠮᠣᠶ ᠶᠢᠨ ᠠᠵᠤ ᠠᠬᠤᠢ ᠲᠡᠶᠢᠰᠢ ᠬᠤᠪᠢᠷᠠᠭᠤᠯᠵᠤ᠂ | ᠤᠯᠠᠭᠠᠨ ᠨᠠᠷᠠᠰᠤᠨ ᠡᠪᠡᠰᠦ᠂ ᠬᠠᠷ᠎ᠠ ᠳᠡᠯᠳᠡᠦ᠂ ᠪᠢᠯᠢᠭᠲᠦ ᠳᠡᠯᠳᠡᠦ ᠵᠡᠷᠭᠡ ᠤᠨᠴᠠᠯᠢᠬᠳᠤ ᠲᠠᠷᠢᠮᠠᠯ ᠤᠨ ᠠᠵᠤ | ᠦᠢᠯᠡᠰ ᠢ ᠠᠮᠵᠢᠯᠲᠠ ᠲᠠᠢ ᠬᠥᠭᠵᠢᠭᠦᠯᠵᠦ᠂ ᠲᠠᠷᠢᠶᠠᠴᠢᠳ ᠲᠤ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ | ᠨᠡᠭᠡᠭᠡᠨ ᠥᠭᠭᠦᠭᠰᠡᠨ ᠢᠶᠠᠷ ᠪᠠᠷᠠᠬᠤ ᠦᠭᠡᠢ ᠪᠠᠰᠠ 200 ᠭᠠᠷᠤᠢ ᠲᠣᠰᠬᠤᠨ ᠤ ᠠᠷᠠᠳ ᠲᠤ ᠠᠵᠢᠯ ᠤᠨ ᠪᠠᠶᠢᠷᠢ | ᠬᠠᠩᠭᠠᠪᠠ᠃ ᠪᠦᠷᠢᠳᠬᠡᠯ ᠢ ᠦᠨᠳᠦᠰᠦᠯᠡᠪᠡᠯ᠂ ᠲᠣᠰ ᠪᠠᠯᠭᠠᠰᠤ ᠨᠡᠶᠢᠲᠡ 800 ᠮᠦ ᠣᠶ ᠶᠢᠨ ᠬᠤᠷᠮᠣᠶ ᠶᠢᠨ | ᠲᠠᠷᠢᠮᠠᠯ ᠳᠠᠷᠢᠵᠤ᠂ ᠴᠡᠪᠡᠷ ᠣᠷᠣᠯᠭ᠎ᠠ ᠪᠠᠷᠤᠭ 2000 ᠲᠦᠮᠡᠨ ᠲᠥᠭᠦᠷᠢᠭ ᠬᠦᠷᠴᠡᠶ᠃ ᠭᠤᠷᠪᠠ ᠳᠤ᠂ ᠪᠦᠬᠦ | ᠰᠢᠶᠠᠨ ᠢᠶᠠᠷ ᠢᠶᠠᠨ ︽ᠮᠦᠬᠦ ᠨᠣᠭᠤᠭ᠎ᠠ ᠵᠢᠮᠢᠰ ᠦᠬᠡᠷ︾ ᠤᠨ ᠭᠤᠣᠯᠯᠠᠬᠤ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠠᠷᠠᠳ ᠤᠨ ᠣᠷᠣᠯᠭ᠎ᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠪᠡ᠃ ᠲᠤᠰ ᠰᠢᠶᠠᠨ ᠤᠷᠢᠳ | ᠬᠤᠵᠢᠳ ᠤᠯᠠᠨ ᠬᠤᠭᠤᠴᠠᠭᠠᠨ ᠤ ᠲᠥᠪ ᠤᠨ ᠲᠤᠰᠬᠠᠢ ᠲᠦᠷᠦᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ | ᠠᠰᠠᠷᠠᠮᠵᠢ ᠶᠢᠨ ᠮᠥᠩᠭᠦ ᠶᠢᠨ ᠲᠦᠷᠦᠯ ᠵᠦᠢᠯ᠂ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠲᠤᠰᠬᠠᠢ | ᠲᠦᠷᠦᠯ ᠤᠨ ᠪᠡᠯᠡ ᠮᠥᠩᠭᠦ ᠶᠢᠨ ᠲᠦᠷᠦᠯ ᠵᠦᠢᠯ ᠪᠣᠯᠤᠨ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ | ᠰᠢᠯᠵᠢᠭᠦᠯᠦᠨ ᠥᠭᠬᠦ ᠪᠡᠯᠡ ᠮᠥᠩᠭᠦ ᠶᠢᠨ ᠲᠦᠷᠦᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ | 8200 ᠲᠦᠮᠡᠨ ᠲᠥᠭᠦᠷᠢᠭ ᠲᠤ ᠬᠦᠷᠴᠦ᠂ ᠪᠦᠬᠦ ᠰᠢᠶᠠᠨ ᠤ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠴᠢᠮᠡᠭᠡ | ᠬᠤᠯᠪᠣᠭ᠎ᠠ᠂ ᠤᠰᠤ ᠤᠮᠳᠠ ᠶᠢᠨ ᠠᠮᠤᠷ ᠲᠦᠪᠰᠢᠨ᠂ ᠲᠠᠷᠢᠶᠠᠴᠢᠳ ᠤᠨ ᠰᠣᠶᠣᠯ ᠤᠨ ᠠᠵᠢᠯᠯᠠᠭᠠᠨ ᠤ ᠲᠠᠯᠠᠪᠤᠷ᠂ | ᠠᠷᠠᠳ ᠲᠤ ᠲᠦᠬᠦᠮ ᠦᠵᠡᠭᠦᠯᠬᠦ ᠬᠡᠳᠦ ᠳᠡᠯᠭᠡᠭᠦᠷ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ | ᠵᠡᠷᠭᠡ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠢᠯᠡᠳᠲᠡ | ᠰᠠᠶᠢᠵᠢᠷᠠᠭᠤᠯᠪᠠ᠃ | |