ᠨᠢᠩᠴᠧᠩ ᠰᠢᠶᠠᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2024/10/8
 ᠨᠢᠭᠡ ᠳᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠰᠠᠶᠢᠲᠤᠷ ᠠᠳᠬᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠶᠢᠴᠢᠯᠠᠬᠤ ᠪᠠᠶᠢᠯᠳᠤᠬᠤ ᠪᠣᠳᠣᠯᠭ᠎ᠠ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ᠂ ᠪᠠᠭᠰᠢ ᠶᠢᠨ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ᠂ ︽ᠬᠠᠮᠢᠶᠠᠷᠤᠯᠲᠠ ᠶᠢ ᠠᠳᠬᠤᠬᠤ᠂ ᠵᠢᠷᠤᠮᠵᠢᠯ ᠢ ᠠᠬᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠤᠶᠠᠷ ᠲᠤ᠂ ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠶᠢ ᠰᠠᠶᠢᠲᠤᠷ ᠠᠳᠬᠤᠨ᠎ᠠ᠃ ᠴᠢᠨᠠᠷ ᠰᠠᠶᠢᠲᠠᠶ ᠰᠤᠷᠭᠠᠭᠤᠯᠢ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ 11 ᠰᠤᠷᠭᠠᠭᠤᠯᠢ ᠶᠢᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠎ᠠ᠃ ᠠᠵᠤ ᠦᠢᠯᠡᠰ ᠪᠠ ᠰᠤᠷᠭᠠᠨ ᠬᠦᠮᠦᠵᠢᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠠᠵᠢᠯ ᠮᠡᠷᠭᠡᠵᠢᠯ ᠤᠨ ᠬᠤᠯᠪᠤᠭ᠎ᠠ ᠪᠠᠶᠢᠭᠤᠯᠵᠤ᠂ ᠦᠪᠦᠷ ᠮᠤᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ 20 ᠭᠠᠷᠤᠢ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠪᠠ ᠨᠢᠭᠡᠴᠡ ᠲᠠᠢ ᠬᠠᠮᠲᠤᠷᠠᠯᠴᠠᠬᠤ ᠬᠠᠷᠢᠴᠠᠭ᠎ᠠ ᠪᠠᠶᠢᠭᠤᠯᠵᠤ᠂ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠲᠡ ᠬᠦᠭᠵᠢᠯᠲᠡ ᠶᠢᠨ ᠵᠢᠱᠢᠶ᠎ᠡ ᠦᠵᠡᠭᠦᠯᠬᠦ ᠰᠤᠷᠭᠠᠭᠤᠯᠢ ᠶᠢᠨ ᠰᠢᠯᠭᠠᠨ ᠠᠪᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠭᠤᠷᠪᠠ ᠳᠤ᠂ ︽ᠬᠤᠶᠠᠷ ᠢ ᠬᠥᠩᠭᠡᠷᠡᠭᠦᠯᠬᠦ︾ ᠠᠵᠢᠯ ᠢ ᠰᠠᠶᠢᠲᠤᠷ ᠠᠳᠬᠤᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ︽5+2︾ ︽1+N︾ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠰᠢᠨᠵᠢᠯᠡᠭᠡᠨ ᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠥᠬᠦ ᠲᠠᠯ᠎ᠠ ᠪᠠᠷ ᠦᠭᠡᠶᠢᠰᠬᠡᠪᠡ᠃ ᠲᠦᠷᠪᠡ ᠳᠤ᠂ ᠱᠠᠩᠨᠠᠬᠤ ᠪᠠᠷ ᠰᠤᠷᠭᠠᠨ ᠬᠥᠮᠦᠵᠢᠯ ᠢ ᠠᠬᠢᠭᠤᠯᠬᠤ ᠶᠢ ᠰᠠᠶᠢᠲᠤᠷ ᠠᠳᠬᠤᠨ᠎ᠠ᠃ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠲᠤ ᠲᠦᠰᠢᠭᠯᠡᠨ᠂ ᠰᠤᠷᠭᠠᠨ ᠬᠥᠮᠦᠵᠢᠯ ᠤᠨ ᠱᠠᠩᠨᠠᠯ ᠤᠨ ᠡᠷᠴᠢᠮ ᠢ ᠴᠢᠩᠭᠠᠷᠠᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号