ᠨᠢᠩᠴᠧᠩ ᠰᠢᠶᠠᠨ ᠰᠣᠶᠣᠯ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠦᠨ ᠵᠢᠯᠣᠭᠤᠳᠤᠨ᠎ᠠ
ᠨᠡᠶᠢᠲᠡᠯᠡᠭᠰᠡᠨ ᠴᠠᠭ᠄
2024/10/8
     ᠨᠢᠭᠡ ᠳᠤ᠂ ︽ᠥᠨᠳᠥᠷ ᠪᠦᠲᠦᠮᠵᠢᠲᠡᠶ᠂ ᠠᠷᠠᠳ ᠲᠤ ᠳᠥᠭᠦᠮ᠂ ᠵᠢᠷᠤᠮᠵᠢᠭᠤᠨ᠂ ᠠᠷᠢᠭᠤᠨ ᠴᠢᠬᠡᠴᠢ︾ ᠦᠢᠯᠡᠴᠢᠯᠡᠭᠡᠨ ᠤ ᠣᠶᠢᠯᠠᠭᠠᠭᠳᠠᠬᠤᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯ᠎ᠡ ᠭᠤᠭᠴᠤᠭ᠎ᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠨᠠᠢᠮᠠᠨ ᠰᠢᠰᠲ᠋ᠧᠮ ᠤᠨ ᠭᠤᠤᠯ ᠰᠡᠳᠦᠪᠲᠦ ᠠᠵᠢᠯᠯᠠᠭ᠎ᠠ ᠪᠠᠷ ᠳᠠᠮᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠬᠦ ᠶᠢ ᠪᠡᠶᠡᠯᠡᠭᠦᠯᠪᠡ᠃ ᠡᠨᠡ ᠵᠢᠯ ᠠᠴᠠ ᠨᠠᠭᠠᠰᠢ᠂ ᠬᠡᠮᠡᠷᠯᠢᠭ ᠲᠤᠭ 33 ᠬᠤᠪᠢ᠂ ᠰᠠᠶᠢᠰᠢᠶᠠᠯ ᠤᠨ ᠵᠠᠬᠢᠳᠠᠯ ᠢ 77 ᠬᠤᠪᠢ ᠣᠯᠵᠤ᠂ 21 ᠭᠠᠪᠢᠶᠠᠨ ᠲᠡᠮᠳᠡᠭ ᠣᠯᠭᠤᠵᠤ᠂ ᠠᠯᠳᠠᠭ᠎ᠠ ᠪᠤᠷᠤᠭᠤ ᠪᠠᠨ 5 ᠤᠳᠠᠭ᠎ᠠ ᠨᠥᠬᠦᠪᠥᠷᠢᠯᠡᠵᠦ᠂ ᠬᠠᠮᠤᠭ ᠤᠨ ᠭᠤᠶᠣ ᠢᠨᠢᠶᠡᠮᠰᠦᠭᠯᠡᠯ ᠲᠠᠢ 10 ᠬᠥᠮᠦᠨ ︵ᠤᠳᠠᠭ᠎ᠠ︶ ᠢ ᠰᠢᠯᠭᠠᠷᠠᠭᠤᠯᠪᠠ᠃ ᠬᠤᠶᠠᠷ ᠲᠤ᠂ ᠴᠣᠩᠬᠤᠪᠴᠢ ᠶᠢᠨ ᠠᠵᠢᠯᠲᠠᠨ ᠤ ᠦᠢᠯᠡᠴᠢᠯᠡᠭᠡᠨ ᠤ ᠵᠢᠷᠤᠮᠵᠢᠯ᠂ ᠠᠩᠬ᠎ᠠ ᠠᠰᠠᠭᠤᠬᠤ ᠳᠤ ᠬᠠᠷᠢᠭᠤᠴᠠᠬᠤ᠂ ᠨᠢᠭᠡ ᠯᠡ ᠤᠳᠠᠭ᠎ᠠ ᠳᠤ ᠮᠡᠳᠡᠭᠳᠡᠬᠦ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ᠂ ᠴᠠᠭ ᠤᠨ ᠬᠢᠵᠠᠭᠠᠷ ᠲᠤ ᠭᠦᠢᠴᠡᠳᠭᠡᠵᠦ ᠳᠠᠭᠤᠰᠬᠠᠬᠤ᠂ ᠵᠠᠭᠠᠯᠳᠤᠯᠭ᠎ᠠ ᠶᠢ ᠰᠢᠢᠳᠪᠤᠷᠢᠯᠡᠬᠦ ᠵᠡᠷᠭᠡ 21 ᠵᠤᠶᠢᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠶᠢᠨ ᠬᠠᠮᠲᠤ ᠲᠠᠰᠤᠷᠠᠯᠲᠠ ᠥᠬᠡᠶ ᠲᠡᠭᠦᠯᠳᠡᠷᠵᠢᠭᠦᠯᠦᠨ ᠰᠢᠨᠡᠳᠬᠡᠵᠦ᠂ ᠲᠦᠷᠢᠮ ᠢᠶᠠᠷ ᠬᠥᠮᠦᠨ ᠢ ᠬᠠᠮᠢᠶᠠᠷᠴᠤ᠂ ᠴᠤᠪᠤᠷᠠᠯ ᠢᠶᠠᠷ ᠠᠵᠢᠯ ᠶᠠᠪᠤᠳᠠᠯ ᠢ ᠬᠠᠮᠢᠶᠠᠷᠴᠤ᠂ ᠠᠵᠢᠯ ᠢ ᠵᠢᠷᠤᠮᠯᠠᠬᠤ ᠠᠴᠠ ᠳᠦᠷᠢᠮ ᠲᠠᠢ ᠪᠣᠯᠭᠠᠵᠤ᠂ ᠪᠦᠷᠢᠨ ᠪᠦᠲᠦᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠦᠷᠢᠯᠳᠦᠭᠦᠯᠵᠦ᠂ ᠤᠯᠠᠨ ᠬᠦᠴᠢᠷ  ᠠᠰᠠᠭᠤᠳᠠᠯ ᠢ ᠬᠦᠴᠦᠯᠡᠨ ᠰᠢᠢᠳᠪᠤᠷᠢᠯᠡᠪᠡ᠃ ᠭᠤᠷᠪᠠ ᠳᠤ᠂ ᠭᠤᠣᠯ ᠪᠠᠶᠢᠭᠤᠯᠤᠯᠲᠠ ᠶᠢᠨ ᠲᠣᠭᠤᠷᠢᠨ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠤᠢᠢᠯᠠᠭᠠᠭᠳᠠᠬᠤᠨ ᠢ ᠣᠷᠣᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠴᠢᠩᠭᠠᠳᠬᠠᠵᠤ᠂ ᠦᠢᠯᠡᠴᠢᠯᠡᠭᠡᠨ ᠤ ᠡᠩᠨᠡᠭᠡ ᠶᠢ ᠴᠡᠪᠡᠷᠰᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠪᠠᠶᠢᠭᠤᠯᠤᠯᠲᠠ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠲᠠᠢ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ ᠬᠠᠮᠲᠤᠪᠠᠷ ᠪᠠᠶᠢᠷᠢᠯᠠᠭᠤᠯᠵᠤ᠂ ᠬᠠᠮᠲᠤᠪᠠᠷ ᠨᠠᠶᠢᠳᠠᠪᠤᠷᠢᠵᠢᠭᠤᠯᠪᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠪᠠᠶᠢᠭᠤᠯᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠤᠩᠭᠢᠯ ᠤᠨ ᠪᠠᠶᠢᠭᠤᠯᠤᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠤᠷᠲᠤ ᠬᠤᠩᠭᠢᠯ ᠳᠤ ᠣᠯᠠᠨ ᠬᠡᠯᠪᠡᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠲᠠᠰᠤᠷᠠᠯᠲᠠ ᠦᠭᠡᠢ ᠬᠠᠳᠠᠩᠰᠢᠭᠤᠯᠪᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号