| ᠨᠢᠭᠡ ᠳᠤ᠂ ᠤᠷᠢᠳᠴᠢᠯᠠᠨ ︽ᠰᠠᠨᠠᠭᠠᠴᠢᠯᠠᠭ᠎ᠠ ᠠᠴᠠ ᠪᠠᠨ ᠬᠠᠪᠰᠤᠷᠬᠤ︾ ᠠᠵᠢᠯᠯᠠᠭ᠎ᠠ ᠳᠤ ᠤᠷᠤᠯᠴᠠᠨ᠎ᠠ᠃ | ᠤᠷᠢᠳᠴᠢᠯᠠᠨ ᠦᠢᠯᠡᠴᠢᠯᠡᠬᠦ ᠲᠣᠭᠲᠠᠴᠠ ᠶᠢ ᠲᠣᠭᠲᠠᠭᠠᠵᠤ᠂ ᠲᠤᠰᠬᠠᠶ ᠲᠤᠰᠢᠶᠠᠯ ᠲᠠᠢ ᠪᠠ ᠰᠠᠯᠠᠭ᠎ᠠ ᠮᠥᠴᠢᠷ ᠤᠨ | ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ 22 ᠠᠵᠢᠯᠲᠠᠨ ᠠᠵᠤ ᠠᠬᠤᠶᠢᠯᠠᠯ ᠪᠤᠶᠤ ᠣᠯᠠᠨ ᠲᠦᠮᠡᠨ ᠤ | ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠠᠴᠠ ᠡᠮᠦᠨ᠎ᠡ᠂ ᠲᠥᠷᠥᠯ ᠵᠦᠢᠯ ᠤᠨ ᠪᠠᠶᠢᠳᠠᠯ ᠪᠤᠶᠤ ᠲᠤᠬᠠᠶᠢᠯᠠᠭᠰᠠᠨ | ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠤᠷᠢᠳᠴᠢᠯᠠᠨ ᠵᠢᠯᠣᠭᠤᠳᠴᠤ᠂ | ᠭᠤᠶᠤᠴᠢᠯᠠᠬᠤ ᠮᠠᠲ᠋ᠧᠷᠢᠶᠠᠯ ᠢ ᠬᠠᠪᠰᠤᠷᠤᠨ ᠪᠡᠯᠡᠳᠬᠡᠵᠦ᠂ ᠭᠤᠶᠤᠴᠢᠯᠠᠬᠤ ᠮᠠᠲ᠋ᠧᠷᠢᠶᠠᠯ ᠤᠨ ᠪᠦᠷᠢᠨ ᠪᠦᠲᠦᠨ ᠴᠢᠨᠠᠷ | ᠪᠠ ᠣᠨᠣᠪᠴᠢᠲᠤ ᠴᠢᠨᠠᠷ ᠢ ᠦᠨᠡᠨᠬᠦ ᠪᠠᠲᠤᠯᠠᠵᠤ᠂ ᠮᠠᠲ᠋ᠧᠷᠢᠶᠠᠯ ᠤᠨ ᠠᠰᠠᠭᠤᠳᠠᠯ ᠠᠴᠠ ᠪᠣᠯᠵᠣ ᠠᠵᠢᠯ ᠶᠠᠪᠤᠳᠠᠯ | ᠭᠦᠢᠴᠡᠳᠭᠡᠬᠦ ᠣᠯᠠᠨ ᠲᠦᠮᠡᠨ ᠢ ᠳᠠᠬᠢᠨ ᠳᠠᠪᠲᠠᠨ ᠭᠦᠶᠦᠯᠭᠡᠬᠦ ᠠᠴᠠ ᠵᠠᠶᠢᠯᠠᠰᠬᠢᠨ᠎ᠠ᠃ | ᠬᠤᠶᠠᠷ ᠲᠤ᠂ ᠪᠥᠬᠦ ᠶᠠᠪᠤᠴᠠ ᠳᠤ ᠦᠢᠯᠡᠴᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠳᠤ ᠲᠤᠰᠬᠠᠶᠢᠯᠠᠨ ᠬᠠᠪᠰᠤᠷᠤᠨ ᠭᠦᠢᠴᠡᠳᠬᠡᠬᠦ ᠲᠤᠰᠬᠠᠶ ᠲᠣᠭᠤᠷᠢᠭ ᠢ ᠨᠡᠭᠡᠭᠡᠵᠦ᠂ ᠰᠠᠭᠤᠳᠡᠯ ᠤᠨ ᠲᠤᠰᠬᠠᠶ | ᠯᠠᠩᠭᠦᠶ ᠪᠠ ᠲᠤᠰᠬᠠᠶ ᠠᠵᠢᠯᠲᠠᠨ ᠳᠣᠭᠢᠷᠠᠭᠤᠯᠤᠨ᠂ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠠᠰᠠᠭᠤᠨ ᠯᠠᠪᠯᠠᠬᠤ᠂ | ᠤᠷᠢᠳᠴᠢᠯᠠᠨ ᠬᠢᠨᠠᠬᠤ ᠠᠴᠠ ᠡᠮᠦᠨᠡᠬᠢ ᠦᠢᠯᠡᠴᠢᠯᠡᠭᠡ ᠥᠷᠨᠢᠭᠦᠯᠵᠦ᠂ ︽ᠵᠣᠭᠤᠭᠳᠠᠬᠤ ᠮᠠᠶ᠋ᠢᠭ︾ ᠤᠨ ᠬᠠᠪᠰᠤᠷᠤᠨ | ᠭᠦᠢᠴᠡᠳᠬᠡᠬᠦ ᠵᠠᠭᠪᠤᠷ ᠢ ᠬᠡᠷᠡᠭᠵᠢᠭᠦᠯᠵᠦ᠂ ᠣᠯᠠᠨ ᠲᠦᠮᠡᠨ ᠤ ᠤᠴᠢᠷ ᠶᠠᠪᠤᠳᠠᠯ ᠢ ᠰᠠᠶᠢᠲᠤᠷ ᠭᠦᠢᠴᠡᠳᠭᠡᠨ᠎ᠡ᠃ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ︽ᠣᠯᠠᠨ ᠡᠰᠢᠲᠦ ᠬᠠᠪᠰᠤᠷᠤᠯᠭ᠎ᠠ︾ ᠪᠠᠷ ᠠᠳᠠᠯᠢ | ᠪᠤᠰᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠳᠠᠯ ᠳᠤ ᠴᠢᠭᠯᠡᠭᠦᠯᠦᠨ᠂ ᠡᠲᠡᠭᠡᠳ ᠢ ᠨᠠᠷᠢᠯᠢᠭᠵᠢᠭᠤᠯᠵᠤ᠂ | ᠦᠢᠯᠡᠴᠢᠯᠡᠭᠡ ᠶᠢ ᠨᠠᠷᠢᠯᠢᠭᠵᠢᠭᠤᠯᠵᠤ᠂ ᠠᠳᠠᠯᠢ ᠪᠤᠰᠤ ᠣᠯᠠᠨ ᠲᠦᠮᠡᠨ ᠤ ᠰᠢᠢᠳᠪᠦᠷᠢᠯᠡᠬᠦ ᠬᠡᠷᠡᠭᠴᠡᠭᠡ ᠶᠢ ᠬᠦᠴᠦᠯᠡᠨ | ᠬᠠᠩᠭᠠᠨ᠎ᠠ᠃ ︽ᠪᠠᠷ᠎ᠠ ᠪᠣᠯᠵᠣ ᠭᠦᠢᠴᠡᠳᠬᠡᠬᠦ᠂ ᠪᠣᠯᠵᠣᠵᠤ ᠭᠦᠢᠴᠡᠳᠬᠡᠬᠦ᠂ ᠬᠡᠷ ᠲᠤᠨᠢ ᠬᠦᠷᠴᠦ ᠭᠦᠢᠴᠡᠳᠬᠡᠬᠦ᠂ | ᠣᠨᠳᠣᠤ ᠭᠠᠵᠠᠷ ᠲᠤ ᠭᠦᠢᠴᠡᠳᠬᠡᠬᠦ᠂ ᠤᠲᠠᠰᠤ ᠪᠠᠷ ᠭᠦᠢᠴᠡᠳᠬᠡᠬᠦ︾ ᠵᠡᠷᠭᠡ ᠣᠯᠠᠨ ᠡᠰᠢᠵᠢᠭᠰᠡᠨ ᠬᠠᠪᠰᠤᠷᠤᠨ | ᠭᠦᠢᠴᠡᠳᠬᠡᠬᠦ ᠠᠷᠭ᠎ᠠ ᠮᠠᠶ᠋ᠢᠭ ᠢ ᠬᠡᠷᠡᠭᠵᠢᠭᠦᠯᠵᠦ᠂ ︽ᠲᠠᠩ ᠴᠤᠯᠭᠤᠶ ᠦᠢᠯᠡᠴᠢᠯᠡᠭᠡ︾ ᠶᠢ ︽ᠲᠥᠪᠯᠡᠷᠡᠭᠦᠯᠦᠨ | ᠦᠢᠯᠡᠴᠢᠯᠡᠬᠦ︾ ᠪᠣᠯᠭᠠᠨ ᠬᠤᠪᠢᠷᠠᠭᠤᠯᠵᠤ᠂ ︽ᠨᠢᠭᠡᠯᠡ ᠳᠡᠭᠡᠷ᠎ᠡ ᠪᠣᠶ ᠪᠥᠬᠦᠶ ᠤᠴᠢᠷ ᠶᠠᠪᠤᠳᠠᠯ ᠢ ᠭᠦᠢᠴᠡᠳᠬᠡᠬᠦ︾ | ᠬᠠᠷᠠᠯᠲᠠ ᠶᠢ ᠪᠡᠶᠡᠯᠡᠭᠦᠯᠦᠨ᠎ᠡ᠃ | ᠭᠤᠷᠪᠠ ᠳᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ︽ᠲᠤᠰᠬᠠᠢ ᠴᠣᠩᠬᠤ ᠪᠠᠷ ᠬᠠᠪᠰᠤᠷᠤᠨ᠎ᠠ︾᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠲᠤᠰᠬᠠᠶ ᠴᠣᠩᠬᠤ ᠭᠠᠷᠭᠠᠵᠤ᠂ ᠲᠤᠰᠬᠠᠶ | ᠬᠥᠮᠦᠨ ᠢᠶᠠᠷ ᠭᠥᠯᠢᠶᠡᠨ ᠠᠪᠴᠤ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠠᠪᠰᠤᠷᠤᠨ | ᠭᠦᠢᠴᠡᠳᠭᠡᠬᠦ᠂ ᠣᠷᠣᠯᠠᠨ ᠭᠦᠢᠴᠡᠳᠭᠡᠬᠦ ᠵᠡᠷᠭᠡ ᠦᠢᠯᠡᠴᠢᠯᠡᠭᠡ ᠶᠢ ᠥᠷᠨᠢᠭᠦᠯᠦᠨ᠎ᠡ᠃ ᠠᠵᠤ ᠠᠬᠤᠶᠢᠯᠠᠯ ᠳᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠦᠢᠯᠡᠳᠪᠤᠷᠢ ᠶᠢᠨ ᠲᠥᠷᠥᠯ ᠵᠤᠶᠢᠯ ᠤᠨ ︽ | ᠭᠠᠵᠠᠷ ᠠᠪᠤᠮᠠᠭᠴᠠ ᠠᠵᠢᠯ ᠡᠬᠢᠯᠡᠭᠦᠯᠬᠦ︾᠂ ︽ᠰᠢᠯᠭᠠᠨ ᠠᠪᠤᠮᠠᠬᠴᠠ ᠳᠠᠷᠤᠶ ᠦᠨᠡᠮᠯᠡᠯ ᠭᠦᠢᠴᠡᠳᠭᠡᠬᠦ︾ ︵ | ᠰᠢᠯᠭᠠᠨ ᠠᠪᠬᠤ ᠶᠢ ᠨᠢᠭᠡᠳᠬᠡᠬᠦ︶᠂ ᠲᠠᠰ ᠳᠠᠪᠬᠤᠷᠭ᠎ᠠ ᠬᠤᠪᠢᠶᠠᠨ ᠰᠢᠯᠭᠠᠨ ᠠᠪᠬᠤ ᠵᠡᠷᠭᠡ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠳᠤ ᠪᠥᠬᠦ ᠲᠠᠯ᠎ᠠ ᠪᠠᠷ ᠠᠰᠢᠭᠲᠠᠶ ᠠᠵᠤ | ᠠᠬᠤᠶᠢᠯᠠᠯ ᠳᠤ ᠲᠥᠬᠦᠮ ᠦᠵᠡᠭᠦᠯᠦᠨ᠎ᠡ᠃ ︽ᠣᠶᠤᠨᠴᠢ ᠪᠠᠷ ᠲᠠᠨ ᠢ ᠬᠠᠪᠰᠤᠷᠤᠨ ᠭᠦᠢᠴᠡᠳᠬᠡᠬᠦ︾ ᠠᠯᠲᠠᠨ | ᠮᠧᠳᠠᠯ ᠤᠨ ᠦᠢᠯᠡᠴᠢᠯᠡᠭᠡ ᠶᠢ ᠥᠷᠨᠢᠭᠦᠯᠦᠭᠰᠡᠨ ᠠᠴᠠ ᠨᠠᠰᠢ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠠᠵᠢᠯ | ᠶᠠᠪᠤᠳᠠᠯ ᠭᠦᠢᠴᠡᠳᠬᠡᠬᠦ ᠶᠠᠪᠤᠴᠠ ᠳᠤ ᠲᠤᠯᠭᠠᠷᠠᠭᠰᠠᠨ ᠡᠯ᠎ᠡ ᠲᠥᠷᠥᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ | ᠠᠵᠤ ᠠᠬᠤᠶᠢᠯᠠᠯ ᠪᠣᠯᠤᠨ ᠣᠯᠠᠨ ᠲᠦᠮᠡᠨ ᠤ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ | ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ |