︽ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠵᠣᠭᠰᠣᠭᠠᠯ ᠤᠨ ᠴᠡᠭ ᠢ ᠪᠠᠶᠢᠷᠢᠯᠠᠭᠤᠯᠬᠤ ᠪᠠ ᠡᠵᠡᠩᠨᠡᠯᠲᠡ ᠶᠢᠨ | ᠦᠢᠯᠡᠴᠢᠯᠡᠭᠡᠨ ᠤ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠶᠢᠨ ᠲᠠᠶᠢᠯᠤᠮᠵᠢ | ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠦᠯᠵᠢᠶ᠎ᠡ | ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠲᠦᠷᠭᠡᠳᠬᠡᠨ ᠠᠬᠢᠭᠤᠯᠵᠤ᠂ ᠰᠦᠯᠵᠢᠶᠡᠵᠢᠭᠰᠡᠨ᠂ ᠳᠥᠭᠦᠮ ᠳᠥᠲᠡ᠂ ᠣᠯᠠᠨ ᠡᠰᠢᠵᠢᠭᠰᠡᠨ ᠵᠠᠮ ᠤᠨ | ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠴᠡᠭ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠷᠠᠳ | ᠣᠯᠠᠨ ᠤ ᠰᠠᠶᠢᠨ ᠰᠠᠶᠢᠬᠠᠨ ᠶᠠᠪᠤᠵᠤ ᠰᠠᠭᠤᠬᠤ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢᠨ ᠲᠥᠯᠥᠭᠡ᠂ | ᠣᠶᠢᠷ᠎ᠠ ᠳᠤ᠂ ᠵᠠᠮ ᠲᠡᠭᠡᠭᠡᠪᠦᠷᠢ ᠶᠢᠨ ᠶᠠᠮᠤᠨ ︽ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠵᠣᠭᠰᠣᠭᠠᠯ ᠤᠨ ᠴᠡᠭ ᠢ | ᠪᠠᠶᠢᠷᠢᠯᠠᠭᠤᠯᠬᠤ ᠪᠠ ᠡᠵᠡᠩᠨᠡᠯᠲᠡ ᠶᠢᠨ ᠦᠢᠯᠡᠴᠢᠯᠡᠭᠡᠨ ᠤ ᠵᠦᠭᠯᠡᠭᠦᠷ ︵ᠲᠤᠷᠰᠢᠨ ᠬᠡᠷᠡᠭᠵᠢᠭᠦᠯᠬᠦ︶︾ ︵ᠳᠣᠷᠣᠭᠰᠢ | ︽ᠵᠦᠭᠯᠡᠭᠦᠷ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠣᠯᠠᠨᠲ᠋ᠦ᠋ᠮᠡᠨ ᠳᠤ ᠬᠤᠯᠪᠣᠭᠳᠠᠯ ᠪᠦᠬᠦᠢ | ᠠᠭᠤᠯᠭ᠎ᠠ ᠶᠢ ᠨᠠᠩ ᠰᠠᠶᠢᠨ ᠣᠶᠢᠯᠠᠭᠠᠬᠤ ᠳᠤ ᠲᠥᠬᠦᠮ ᠦᠵᠡᠭᠦᠯᠦᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠠ᠄ | ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠵᠣᠭᠰᠣᠭᠠᠯ ᠤᠨ ᠴᠡᠭ ᠪᠣᠯ ᠵᠠᠮ ᠤᠨ ᠠᠶᠠᠨᠴᠢᠳ ᠤᠨ | ᠲᠡᠭᠡᠭᠡᠪᠦᠷᠢ ᠶᠢᠨ ᠦᠢᠯᠡᠴᠢᠯᠡᠭᠡ ᠬᠠᠩᠭᠠᠬᠤ ᠴᠢᠬᠤᠯᠠ ᠰᠠᠭᠤᠷᠢ ᠪᠡᠯᠡᠳᠬᠡᠮᠵᠢ ᠮᠥᠨ᠂ ᠵᠠᠮ ᠤᠨ ᠠᠶᠠᠨᠴᠢᠳ ᠤᠨ | ᠲᠡᠭᠡᠭᠡᠪᠦᠷᠢ ᠶᠢᠨ ᠥᠷᠲᠡᠭᠡ ᠴᠡᠭ ᠤᠨ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠡᠨᠡ ᠨᠢ | ᠠᠶᠠᠨᠴᠢᠳ ᠤᠨ ᠲᠡᠭᠡᠭᠡᠪᠦᠷᠢ ᠶᠢᠨ ᠳᠥᠭᠦᠮ ᠳᠥᠲᠡ ᠶᠠᠪᠤᠵᠤ ᠰᠠᠭᠤᠬᠤ ᠳᠤ ᠦᠢᠯᠡᠴᠢᠯᠡᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠣᠶᠢᠷ᠎ᠠ ᠶᠢᠨ ᠵᠢᠯ ᠤᠳ ᠲᠤ᠂ ᠣᠯᠠᠨ ᠨᠡᠶᠢᠲᠡ ᠶᠢᠨ ᠶᠠᠪᠤᠵᠤ ᠰᠠᠭᠤᠬᠤ ᠵᠠᠩᠰᠢᠯ ᠤᠨ | ᠬᠤᠪᠢᠷᠠᠯᠲᠠ᠂ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠪᠦᠲᠦᠴᠡ ᠶᠢ ᠰᠢᠯᠢᠳᠡᠭᠵᠢᠭᠦᠯᠦᠨ ᠲᠠᠰ | ᠳᠡᠪᠰᠢᠭᠦᠯᠬᠦ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠤᠯᠠᠮᠵᠢᠯᠠᠯᠲᠤ ︽ᠲᠡᠷᠭᠡ ᠥᠷᠲᠡᠭᠡ ᠳᠤ | ᠣᠷᠣᠬᠤ᠂ ᠪᠤᠴᠠᠬᠤ ᠴᠡᠭ︾ ᠤᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠵᠠᠭᠪᠤᠷ ᠨᠢ ᠨᠢᠭᠡᠨᠲᠡ | ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠳᠤ ᠵᠣᠬᠢᠴᠠᠭᠤᠯᠬᠤ ᠶᠢᠨ ᠠᠷᠭ᠎ᠠ ᠥᠬᠡᠶ ᠪᠣᠯᠵᠠᠶ᠃ 2023 ᠣᠨ ᠤ | 8 ᠰᠠᠷ᠎ᠠ ᠳᠤ᠂ ᠮᠠᠨ ᠤ ᠶᠠᠮᠤᠨ ᠠᠷᠪᠠᠨ ᠰᠠᠯᠠᠭ᠎ᠠ ᠮᠥᠴᠢᠷ ᠲᠠᠢ ᠬᠠᠮᠲᠤᠷᠠᠨ ︽ᠮᠠᠰᠢᠨ ᠲᠡᠷᠭᠡᠨ ᠤ ᠠᠶᠠᠨᠴᠢᠳ ᠤᠨ | ᠲᠡᠭᠡᠭᠡᠪᠦᠷᠢ ᠶᠢᠨ ᠥᠷᠲᠡᠭᠡ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠨ ᠠᠬᠢᠭᠤᠯᠬᠤ ᠲᠤᠬᠠᠶ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠢ ᠵᠢᠯᠣᠭᠤᠳᠤᠨ ᠠᠶᠠᠨᠴᠢᠳ ᠤᠨ ᠲᠡᠭᠡᠭᠡᠪᠦᠷᠢ ᠶᠢᠨ | ᠥᠷᠲᠡᠭᠡ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠨ ᠠᠬᠢᠭᠤᠯᠤᠨ᠎ᠠ᠃ ᠡᠯ᠎ᠡ ᠭᠠᠵᠠᠷ ᠤᠨ ᠬᠢᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠨᠢᠭᠡ ᠥᠷᠲᠡᠭᠡ ᠣᠯᠠᠨ ᠴᠡᠭ︾ ᠤᠨ ᠵᠠᠰᠠᠮᠠᠯ ᠵᠠᠮ ᠤᠨ | ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠴᠡᠭ ᠤᠨ ᠰᠢᠰᠲ᠋ᠧᠮ ᠢ ᠪᠣᠶ ᠪᠣᠯᠭᠠᠬᠤ ᠶᠢ ᠮᠠᠰᠢᠨ ᠲᠡᠷᠭᠡᠨ ᠤ | ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠥᠯᠭᠢᠨ ᠠᠬᠢᠭᠤᠯᠬᠤ | ᠴᠢᠬᠤᠯᠠ ᠭᠠᠷᠳᠠᠴᠠ ᠪᠣᠯᠭᠠᠵᠤ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠣᠷᠣᠨ | ᠵᠠᠶ ᠶᠢᠨ ᠪᠠᠶᠢᠷᠢᠰᠢᠭᠤᠯᠤᠯᠲᠠ᠂ ᠲᠠᠰ ᠤᠨ ᠪᠦᠲᠦᠴᠡ ᠪᠠ ᠴᠢᠳᠠᠮᠵᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢ ︽ᠲᠣᠮᠣ ᠥᠷᠲᠡᠭᠡ ᠶᠢ ᠲᠥᠪᠯᠡᠷᠡᠭᠦᠯᠦᠨ | ᠲᠠᠷᠬᠠᠭᠠᠬᠤ︾ ᠪᠠᠶᠢᠭᠰᠠᠨ ᠠᠴᠠ ︽ᠣᠯᠠᠨ ᠴᠡᠭ ᠢ ᠬᠤᠯᠪᠣᠭᠠᠯᠠᠬᠤ︾ ᠳᠠᠰᠢ ᠬᠤᠪᠢᠷᠠᠭᠤᠯᠬᠤ ᠳᠤ ᠰᠠᠶᠢᠨ ᠦᠷ᠎ᠡ | ᠪᠦᠲᠦᠮᠵᠢ ᠤᠯᠬᠤ ᠶᠢ ᠳᠥᠯᠭᠢᠨ ᠠᠬᠢᠭᠤᠯᠪᠠ᠃ | ᠣᠯᠠᠨ ᠨᠡᠶᠢᠲᠡ ᠶᠢᠨ ᠶᠠᠪᠤᠵᠤ ᠰᠠᠭᠤᠬᠤ ᠳᠤ ᠳᠥᠭᠦᠮ ᠳᠥᠲᠡ ᠦᠢᠯᠡᠴᠢᠯᠡᠬᠦ ᠲᠠᠯ᠎ᠠ ᠶᠢᠨ ᠴᠢᠬᠤᠯᠠ | ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠮᠠᠨ ᠤ ᠶᠠᠮᠤᠨ ᠡᠯ᠎ᠡ ᠭᠠᠵᠠᠷ ᠤᠨ ᠠᠰᠢᠭᠲᠠᠶ ᠬᠠᠶᠢᠨ | ᠰᠦᠪᠡᠭᠴᠢᠯᠡᠯᠲᠡ ᠶᠢ ᠰᠢᠰᠲ᠋ᠧᠮ ᠲᠠᠢ ᠳ᠋ᠦᠩᠨᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ | ᠵᠡᠷᠭᠡ ᠠᠵᠢᠯ ᠢ ᠥᠷᠭᠡᠨ ᠢᠶᠠᠷ ᠥᠷᠨᠢᠭᠦᠯᠦᠭᠰᠡᠨ ᠰᠠᠭᠤᠷᠢᠨ ᠳᠡᠭᠡᠷ᠎ᠡ᠂ ︽ᠵᠦᠭᠯᠡᠭᠦᠷ︾ ᠢ ᠰᠤᠳᠤᠯᠤᠨ ᠲᠣᠭᠲᠠᠭᠠᠵᠤ᠂ | ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠵᠣᠭᠰᠣᠭᠠᠯ ᠤᠨ ᠴᠡᠭ ᠤᠨ ᠪᠠᠶᠢᠷᠢᠯᠠᠭᠤᠯᠤᠯᠲᠠ᠂ ᠦᠢᠯᠡᠴᠢᠯᠡᠭᠡ | ᠂ ᠬᠠᠮᠢᠶᠠᠷᠤᠯᠲᠠ ᠵᠢᠴᠢ ᠬᠢᠨᠠᠯᠲᠠ ᠲᠠᠯᠪᠢᠬᠤ ᠵᠡᠷᠭᠡ ᠲᠠᠯ᠎ᠠ ᠠᠴᠠ ᠪᠣᠳᠠᠲᠠᠶ ᠱᠠᠭᠠᠷᠳᠠᠯᠭ᠎ᠠ ᠪᠠ ᠵᠣᠷᠢᠭᠵᠢᠭᠤᠯᠬᠤ | ᠴᠢᠭᠯᠡᠯ ᠢ ᠳᠤᠷᠠᠳᠤᠨ ᠭᠠᠷᠭᠠᠵᠤ᠂ ᠡᠯ᠎ᠡ ᠭᠠᠵᠠᠷ ᠢ ᠬᠥᠲᠥᠯᠦᠨ ᠵᠢᠯᠣᠭᠤᠳᠴᠤ ᠪᠠᠶᠢᠭᠠᠳ ᠬᠠᠵᠠᠭᠤᠳᠠᠬᠢ ᠭᠠᠵᠠᠷ ᠤᠨ | ᠪᠠᠶᠢᠷᠢᠯᠠᠭᠤᠯᠤᠯᠲᠠ ᠵᠢᠴᠢ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠮ ᠤᠨ ᠠᠶᠠᠨᠴᠢᠳ ᠤᠨ | ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ | ᠠᠷᠠᠳ ᠣᠯᠠᠨ ᠤ ︽ᠡᠭᠦᠳᠡ ᠡᠷᠦᠬᠡ᠂ ᠴᠡᠭ ᠠᠴᠠ ᠴᠡᠭ ᠲᠤ ᠬᠥᠷᠬᠦ︾ ᠰᠠᠶᠢᠨ ᠰᠠᠶᠢᠬᠠᠨ ᠶᠠᠪᠤᠵᠤ ᠰᠠᠭᠤᠬᠤ | ᠬᠡᠷᠡᠭᠴᠡᠭᠡ ᠶᠢ ᠨᠠᠩ ᠰᠠᠶᠢᠲᠤᠷ ᠬᠠᠩᠭᠠᠪᠠ᠃ | ᠬᠤᠶᠠᠷ᠂ ︽ᠵᠦᠭᠯᠡᠭᠦᠷ︾ ᠤᠨ ᠭᠤᠤᠯ ᠠᠭᠤᠯᠭ᠎ᠠ | ︽ᠵᠦᠭᠯᠡᠭᠦᠷ︾ ᠨᠢ ᠨᠡᠶᠢᠲᠡ ᠵᠢᠷᠭᠤᠭᠠᠨ ᠪᠦᠯᠦᠭ 25 ᠵᠦᠢᠯ ᠪᠠᠶᠢᠵᠤ᠂ ᠡᠭᠦᠨ ᠳᠤ ᠵᠣᠭᠰᠣᠭᠠᠯ ᠤᠨ ᠴᠡᠭ ᠢ | ᠪᠠᠶᠢᠷᠢᠯᠠᠭᠤᠯᠬᠤ᠂ ᠴᠡᠭ ᠲᠤ ᠦᠢᠯᠡᠴᠢᠯᠡᠬᠦ᠂ ᠵᠣᠭᠰᠣᠭᠠᠯ ᠳᠤ ᠲᠦᠰᠢᠭᠯᠡᠨ ᠬᠠᠮᠢᠶᠠᠷᠬᠤ᠂ ᠦᠢᠯᠡᠴᠢᠯᠡᠭᠡᠨ ᠤ ᠬᠢᠨᠠᠯᠲᠠ | ᠲᠠᠯᠪᠢᠬᠤ᠂ ᠳᠠᠭᠠᠯᠳᠤᠭᠤᠯᠤᠯ ᠳᠦᠷᠢᠮ ᠵᠡᠷᠭᠡ ᠵᠢᠷᠭᠤᠭᠠᠨ ᠬᠡᠰᠡᠭ ᠪᠠᠭᠲᠠᠨ᠎ᠠ᠃ | ᠨᠢᠭᠡ ᠳᠤ᠂ ᠶᠡᠷᠦᠩᠬᠡᠶ ᠲᠦᠷᠢᠮ ᠤᠨ ᠬᠡᠰᠡᠭ ᠲᠤ ᠭᠤᠤᠯᠳᠠᠭᠤ ︽ᠵᠦᠭᠯᠡᠭᠦᠷ︾ ᠢ ᠲᠣᠭᠲᠠᠭᠠᠭᠰᠠᠨ | ᠵᠣᠷᠢᠯᠭ᠎ᠠ ᠶᠢᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠨᠡᠷ᠎ᠡ ᠲᠣᠮᠢᠶ᠎ᠠ ᠶᠢᠨ ᠲᠣᠳᠣᠷᠬᠠᠶᠢᠯᠠᠯᠲᠠ ᠪᠠ ᠶᠡᠷᠦᠩᠬᠡᠶ | ᠵᠠᠷᠴᠢᠮ ᠢ ᠲᠣᠳᠣᠷᠬᠠᠶᠢᠯᠠᠪᠠ᠃ | ᠬᠤᠶᠠᠷ ᠲᠤ ᠵᠣᠭᠰᠣᠭᠠᠯ ᠤᠨ ᠴᠡᠭ ᠤᠨ ᠪᠠᠶᠢᠷᠢᠯᠠᠭᠤᠯᠤᠯᠲᠠ ᠶᠢᠨ ᠬᠡᠰᠡᠭ ᠲᠤ᠂ ᠭᠤᠣᠯᠳᠠᠭᠤ ᠲᠣᠬᠢᠷᠠᠭᠤᠯᠬᠤ | ᠭᠠᠵᠠᠷ᠂ ᠲᠣᠬᠢᠷᠠᠭᠤᠯᠬᠤ ᠱᠠᠭᠠᠷᠳᠠᠯᠭ᠎ᠠ᠂ ᠵᠠᠮ ᠬᠠᠷᠢᠯᠴᠠᠭᠠᠨ ᠤ ᠠᠮᠤᠷ ᠲᠦᠪᠰᠢᠨ᠂ ᠵᠣᠭᠰᠣᠭᠠᠯ ᠤᠨ ᠴᠡᠭ ᠤᠨ | ᠴᠢᠳᠠᠮᠵᠢ ᠪᠠ ᠲᠣᠬᠢᠷᠠᠭᠤᠯᠤᠯᠲᠠ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠤ᠂ ᠵᠣᠭᠰᠣᠭᠠᠯ ᠤᠨ ᠴᠡᠭ ᠤᠨ | ᠪᠠᠶᠢᠷᠢᠯᠠᠭᠤᠯᠤᠯᠲᠠ ᠵᠢᠴᠢ ᠴᠢᠳᠠᠮᠵᠢ ᠨᠢ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠳᠤ ᠨᠡᠶᠢᠴᠡᠬᠦ ᠶᠢ ᠪᠠᠲᠤᠯᠠᠨ᠎ᠠ | ᠃ | ᠭᠤᠷᠪᠠ ᠳᠤ᠂ ᠴᠡᠭ ᠦᠢᠯᠡᠴᠢᠯᠡᠭᠡᠨ ᠤ ᠬᠡᠰᠡᠭ ᠢ ᠵᠣᠭᠰᠣᠭᠠᠵᠤ᠂ ᠭᠤᠤᠯᠳᠠᠭᠤ ᠮᠡᠳᠡᠭᠡ ᠵᠠᠩᠭᠢ ᠨᠡᠶᠢᠲᠡᠯᠡᠬᠦ᠂ | ᠪᠢᠯᠧᠲ ᠥᠭᠬᠦ ᠶᠠᠪᠤᠳᠠᠯ ᠤᠨ ᠦᠢᠯᠡᠴᠢᠯᠡᠭᠡ᠂ ᠢᠯᠭᠠᠬᠤ ᠲᠡᠮᠳᠡᠭ ᠢ ᠵᠢᠯᠣᠭᠤᠳᠬᠤ᠂ ᠲᠡᠷᠭᠡ ᠬᠥᠰᠬᠡ ᠶᠢᠨ | ᠵᠣᠭᠰᠣᠬᠤ᠂ ᠪᠠᠶᠢᠴᠠᠭᠠᠨ ᠰᠢᠯᠭᠠᠬᠤ ᠱᠠᠭᠠᠷᠳᠠᠯᠭ᠎ᠠ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠪᠠᠷ | ᠱᠠᠭᠠᠷᠳᠠᠯᠭ᠎ᠠ ᠳᠤᠷᠠᠳᠴᠤ᠂ ᠵᠣᠭᠰᠣᠭᠠᠯ ᠤᠨ ᠴᠡᠭ ᠤᠨ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠪᠠ᠃ | ᠳᠥᠷᠪᠡ ᠳᠤ᠂ ᠵᠣᠭᠰᠣᠭᠠᠯ ᠤᠨ ᠴᠡᠭ ᠤᠨ ᠬᠠᠮᠢᠶᠠᠷᠤᠯᠲᠠ ᠶᠢᠨ ᠬᠡᠰᠡᠭ ᠢ ᠭᠤᠤᠯᠳᠠᠭᠤ ᠡᠳᠦᠷ ᠲᠤᠲᠤᠮ ᠤᠨ | ᠬᠠᠮᠠᠭᠠᠯᠠᠯᠲᠠ᠂ ᠠᠮᠤᠷ ᠲᠦᠪᠰᠢᠨ ᠤ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ | ᠤᠬᠠᠭᠤᠯᠵᠤ ᠬᠥᠲᠥᠯᠦᠨ ᠵᠢᠯᠣᠭᠤᠳᠬᠤ᠂ ᠨᠠᠷᠠᠲᠤ ᠲᠡᠮᠳᠡᠭᠲᠦ ᠶᠢ ᠪᠤᠶᠢᠵᠢᠭᠤᠯᠬᠤ᠂ ᠵᠠᠭᠠᠯᠳᠤᠯᠭ᠎ᠠ ᠶᠢ ᠰᠢᠶ᠋ᠳᠪᠦᠷᠢᠯᠡᠬᠦ | ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠤ᠂ ᠵᠣᠭᠰᠣᠭᠠᠯ ᠤᠨ ᠴᠡᠭ ᠤᠨ ᠵᠢᠷᠤᠮᠵᠢᠭᠰᠠᠨ ᠡᠵᠡᠩᠨᠡᠯᠲᠡ ᠶᠢ ᠪᠠᠲᠤᠯᠠᠪᠠ | ᠃ | ᠲᠠᠪᠤ ᠳᠤ᠂ ᠦᠢᠯᠡᠴᠢᠯᠡᠭᠡᠨ ᠤ ᠬᠢᠨᠠᠯᠲᠠ ᠲᠠᠯᠪᠢᠬᠤ ᠬᠡᠰᠡᠭ ᠢ ᠭᠤᠤᠯᠳᠠᠭᠤ ᠰᠠᠯᠠᠭ᠎ᠠ ᠮᠥᠴᠢᠷ ᠤᠨ ᠬᠠᠮᠵᠢᠯᠴᠠᠭ᠎ᠠ | ᠂ ᠦᠢᠯᠡᠴᠢᠯᠡᠭᠡᠨ ᠤ ᠶᠠᠰᠤ ᠴᠢᠨᠠᠷ᠂ ᠠᠶᠤᠯᠭᠦᠢ ᠦᠢᠯᠡᠳᠪᠤᠷᠢᠯᠡᠯ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠤ᠂ | ᠵᠣᠭᠰᠣᠭᠠᠯ ᠤᠨ ᠴᠡᠭ ᠤᠨ ᠦᠷᠭᠦᠯᠵᠢᠯᠡᠨ ᠡᠵᠡᠩᠨᠡᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ | ᠥᠭᠭᠦᠨ᠎ᠡ᠃ | ᠵᠢᠷᠭᠤᠭ᠎ᠠ ᠳᠤ᠂ ᠳᠠᠭᠠᠯᠳᠤᠭᠤᠯᠤᠯ ᠲᠦᠷᠢᠮ ᠳᠤ ᠭᠤᠣᠯᠳᠠᠭᠤ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠡᠳᠦᠷ | ᠬᠤᠭᠤᠴᠠᠭ᠎ᠠ ᠶᠢ ᠲᠣᠳᠣᠷᠬᠠᠶᠢᠯᠠᠪᠠ᠃ | |