︽ᠬᠠᠭᠤᠴᠢᠨ ᠬᠡᠯᠪᠡᠷᠢ ᠶᠢᠨ ᠲᠡᠮᠦᠷ ᠵᠠᠮ ᠤᠨ ᠳᠣᠲᠣᠭᠠᠳᠤ ᠰᠢᠲᠠᠯᠲᠠ ᠶᠢᠨ ᠪᠤᠬ᠎ᠠ ᠲᠡᠷᠭᠡ ᠶᠢ ᠰᠢᠭᠰᠢᠭᠳᠡᠭᠦᠯᠦᠨ | ᠰᠢᠨᠡᠳᠬᠡᠬᠦ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠢᠷᠡᠯᠲᠡ᠄ ᠤᠯᠤᠰ ᠤᠨ ᠲᠡᠮᠦᠷ ᠵᠠᠮ ᠤᠨ ᠲᠣᠪᠴᠢᠶ᠎ᠠ ᠶᠢᠨ ᠰᠦᠯᠵᠢᠶ᠎ᠡ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠤᠨ᠂ ᠬᠠᠭᠤᠴᠢᠨ ᠬᠡᠯᠪᠡᠷᠢ ᠶᠢᠨ | ᠲᠡᠮᠦᠷ ᠵᠠᠮ ᠤᠨ ᠳᠣᠲᠣᠭᠠᠳᠤ ᠰᠢᠲᠠᠯᠲᠠ ᠶᠢᠨ ᠪᠤᠬ᠎ᠠ ᠲᠡᠷᠭᠡ ᠶᠢ ᠰᠢᠭᠰᠢᠭᠳᠡᠭᠦᠯᠦᠨ ᠰᠢᠨᠡᠳᠬᠡᠬᠦ ᠠᠵᠢᠯ ᠢ | ᠲᠦᠷᠭᠡᠳᠬᠡᠵᠦ᠂ ᠲᠡᠮᠦᠷ ᠵᠠᠮ ᠤᠨ ᠲᠣᠨᠤᠭ ᠲᠥᠬᠦᠭᠡᠷᠦᠮᠵᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠥᠯᠥᠭᠡ᠂ ᠤᠯᠤᠰ ᠤᠨ ᠲᠡᠮᠦᠷ ᠵᠠᠮ ᠤᠨ ᠲᠣᠪᠴᠢᠶ᠎ᠠ 2024 ᠣᠨ ᠤ 9 ᠰᠠᠷ᠎ᠠ ᠶᠢᠨ 26 ᠤ ᠡᠳᠦᠷ ︽ | ᠬᠠᠭᠤᠴᠢᠨ ᠬᠡᠯᠪᠡᠷᠢ ᠶᠢᠨ ᠲᠡᠮᠦᠷ ᠵᠠᠮ ᠤᠨ ᠳᠣᠲᠣᠭᠠᠳᠤ ᠰᠢᠲᠠᠯᠲᠠ ᠶᠢᠨ ᠪᠤᠬ᠎ᠠ ᠲᠡᠷᠭᠡ ᠶᠢ ᠰᠢᠭᠰᠢᠭᠳᠡᠭᠦᠯᠬᠦ | ᠰᠢᠨᠡᠳᠬᠡᠬᠦ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠲᠡᠮᠦᠷ ᠵᠠᠮ ᠤᠨ ᠲᠥᠬᠦᠭᠡᠷᠦᠮᠵᠢ ᠶᠢᠨ ᠬᠢᠨᠠᠯᠲᠠ | ᠬᠠᠮᠢᠶᠠᠷᠤᠯᠲᠠ ᠶᠢᠨ ᠲᠣᠭᠲᠠᠭᠠᠯ ﹇2020﹈ 24 ᠳ᠋ᠦ᠋ᠭᠡᠷ ᠲᠣᠭᠠᠲᠤ᠂ ᠳᠣᠷᠣᠭᠰᠢ ︽ᠠᠷᠭ᠎ᠠ︾ ᠭᠡᠵᠦ | ᠲᠣᠪᠴᠢᠯᠠᠨ᠎ᠠ︶ ᠶᠢ ᠨᠡᠶᠢᠲᠡᠯᠡᠵᠦ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠠᠷᠭ᠎ᠠ︾ ᠶᠢᠨ | ᠬᠠᠮᠢᠶ᠎ᠠ ᠪᠥᠬᠦᠶ ᠠᠭᠤᠯᠭ᠎ᠠ ᠶᠢ ᠨᠠᠩ ᠰᠠᠶᠢᠲᠤᠷ ᠣᠶᠢᠯᠠᠭᠠᠬᠤ ᠳᠤ ᠲᠥᠬᠦᠮ ᠪᠣᠯᠭᠠᠵᠤ᠂ ᠲᠤᠭᠤᠰᠢᠯᠠᠭᠤᠯᠤᠨ | ᠬᠡᠷᠡᠭᠵᠢᠭᠦᠯᠬᠦ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠠ᠄ | ︽ᠠᠷᠭ᠎ᠠ︾ ᠪᠣᠯ ᠲᠡᠮᠦᠷ ᠵᠠᠮ ᠤᠨ ᠲᠣᠨᠤᠭ ᠲᠥᠬᠦᠭᠡᠷᠦᠮᠵᠢ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠬᠡᠯᠪᠡᠷᠢ ᠪᠠ ᠰᠢᠨ᠎ᠡ ᠡᠨᠧᠷᠭᠢ ᠶᠢᠨ ᠲᠡᠮᠦᠷ ᠵᠠᠮ ᠤᠨ ᠲᠣᠨᠤᠭ ᠲᠥᠬᠦᠭᠡᠷᠦᠮᠵᠢ ᠶᠢᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠲᠡᠮᠦᠷ ᠵᠠᠮ ᠤᠨ ᠠᠵᠢᠯ | ᠲᠥᠷᠥᠯ ᠤᠨ ᠬᠢᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠶᠢ ᠠᠬᠢᠭᠤᠯᠬᠤ ᠲᠤᠬᠠᠶ ᠨᠠᠮ ᠤᠨ ᠲᠥᠪ | ᠬᠤᠷᠢᠶᠠᠨ ᠤ ᠪᠣᠳᠠᠲᠠᠶ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠬᠠᠭᠤᠴᠢᠨ ᠬᠡᠯᠪᠡᠷᠢ ᠶᠢᠨ ᠲᠡᠮᠦᠷ ᠵᠠᠮ ᠤᠨ | ᠳᠣᠲᠣᠭᠠᠳᠤ ᠰᠢᠲᠠᠯᠲᠠ ᠶᠢᠨ ᠮᠠᠰᠢᠨ ᠲᠡᠷᠭᠡ ᠶᠢ ᠰᠢᠭᠰᠢᠭᠳᠡᠭᠦᠯᠵᠦ ᠰᠢᠨᠡᠳᠬᠡᠬᠦ ᠠᠵᠢᠯ ᠤᠨ ᠠᠭᠤᠯᠭ᠎ᠠ ᠪᠠ ᠬᠢᠨᠠᠯᠲᠠ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠣᠭᠲᠠᠭᠠᠵᠤ᠂ ᠪᠣᠬᠢᠷᠲᠤᠯ ᠬᠦᠨᠳᠦ᠂ ᠡᠨᠧᠷᠭᠢ ᠶᠢᠨ | ᠬᠤᠷᠣᠭᠳᠠᠭᠤᠯᠤᠯ ᠥᠨᠳᠥᠷ᠂ ᠲᠠᠭᠤ ᠱᠤᠤᠭᠢᠶᠠᠨ ᠶᠡᠬᠡᠲᠡᠶ ᠬᠠᠭᠤᠴᠢᠨ ᠬᠡᠯᠪᠡᠷᠢ ᠶᠢᠨ ᠲᠡᠮᠦᠷ ᠵᠠᠮ ᠤᠨ ᠳᠣᠲᠣᠭᠠᠳᠤ | ᠰᠢᠲᠠᠯᠲᠠ ᠶᠢᠨ ᠮᠠᠰᠢᠨ ᠲᠡᠷᠭᠡ ᠶᠢ ᠰᠢᠭᠰᠢᠭᠳᠡᠭᠦᠯᠬᠦ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠲᠡᠮᠦᠷ ᠵᠠᠮ ᠤᠨ | ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢ ᠣᠷᠣᠯᠠᠭᠤᠯᠬᠤ ᠶᠢ ᠠᠬᠢᠭᠤᠯᠪᠠ᠃ | ︽ᠠᠷᠭ᠎ᠠ︾ ᠳᠤ ᠲᠠᠪᠤᠨ ᠪᠦᠯᠦᠭ ᠬᠤᠷᠢᠨ ᠲᠦᠷᠪᠡᠨ ᠵᠦᠢᠯ ᠤᠨ ᠠᠭᠤᠯᠭ᠎ᠠ ᠶᠢ ᠪᠠᠭᠲᠠᠭᠠᠵᠤ᠂ ᠶᠡᠷᠦᠩᠬᠡᠶ | ᠲᠦᠷᠢᠮ᠂ ᠪᠤᠬ᠎ᠠ ᠲᠡᠷᠭᠡ ᠶᠢ ᠰᠢᠭᠰᠢᠭᠳᠡᠭᠦᠯᠬᠦ᠂ ᠪᠤᠬ᠎ᠠ ᠲᠡᠷᠭᠡ ᠶᠢ ᠰᠢᠨᠡᠳᠬᠡᠬᠦ᠂ ᠬᠢᠨᠠᠯᠲᠠ ᠬᠠᠮᠢᠶᠠᠷᠤᠯᠲᠠ ᠪᠠ | ᠳᠠᠭᠠᠯᠳᠤᠭᠤᠯᠤᠯ ᠲᠦᠷᠢᠮ ᠭᠡᠵᠦ ᠬᠤᠪᠢᠶᠠᠨ᠎ᠠ᠃ ᠨᠢᠭᠡᠳᠦᠭᠡᠷ ᠪᠦᠯᠦᠭ ᠪᠣᠯ ᠶᠡᠷᠦᠩᠬᠡᠢ ᠲᠦᠷᠢᠮ ᠪᠣᠯᠣᠨ᠎ᠠ᠂ | ᠭᠤᠣᠯᠳᠠᠭᠤ ᠨᠠᠶᠢᠷᠠᠭᠤᠯᠤᠨ ᠵᠣᠬᠢᠶᠠᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠬᠠᠮᠢᠶᠠᠷᠤᠯᠲᠠ ᠶᠢᠨ ᠵᠠᠷᠴᠢᠮ᠂ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠱᠠᠭᠠᠷᠳᠠᠯᠭ᠎ᠠ᠂ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠵᠡᠷᠭᠡ ᠠᠭᠤᠯᠭ᠎ᠠ ᠪᠣᠯᠣᠨ᠎ᠠ᠃ ᠬᠤᠶᠠᠳᠤᠭᠠᠷ ᠪᠦᠯᠦᠭ ᠪᠣᠯ ᠪᠤᠬ᠎ᠠ | ᠲᠡᠷᠭᠡ ᠶᠢ ᠰᠢᠭᠰᠢᠭᠳᠡᠭᠦᠯᠦᠨ᠎ᠡ᠂ ᠨᠡᠶᠢᠳᠡ 5 ᠵᠦᠢᠯ ᠪᠠᠶᠢᠵᠤ᠂ ᠭᠤᠣᠯᠳᠠᠭᠤ ᠪᠤᠬ᠎ᠠ ᠲᠡᠷᠭᠡ ᠶᠢ ᠰᠢᠭᠰᠢᠭᠳᠡᠭᠦᠯᠬᠦ | ᠦᠨᠳᠦᠰᠦᠨ ᠵᠠᠷᠴᠢᠮ᠂ ᠲᠥᠯᠥᠪᠵᠢᠭᠦᠯᠭᠡ ᠶᠢᠨ ᠬᠠᠷᠠᠯᠲᠠ᠂ ᠬᠡᠷᠡᠭᠯᠡᠬᠦ ᠱᠠᠭᠠᠷᠳᠠᠯᠭ᠎ᠠ᠂ ᠬᠡᠷᠡᠭᠯᠡᠭᠡ ᠠᠴᠠ ᠭᠠᠷᠭᠠᠵᠤ | ᠰᠢᠢᠳᠪᠦᠷᠢᠯᠡᠬᠦ ᠵᠡᠷᠭᠡ ᠠᠭᠤᠯᠭ᠎ᠠ ᠪᠣᠯᠣᠨ᠎ᠠ᠂ ᠬᠠᠭᠤᠴᠢᠨ ᠬᠡᠯᠪᠡᠷᠢ ᠶᠢᠨ ᠲᠡᠮᠦᠷ ᠵᠠᠮ ᠤᠨ ᠳᠣᠲᠣᠭᠠᠳᠤ | ᠰᠢᠲᠠᠯᠲᠠ ᠶᠢᠨ ᠪᠤᠬ᠎ᠠ ᠲᠡᠷᠭᠡ ᠶᠢ ᠬᠡᠷᠡᠭᠯᠡᠭᠡᠨ ᠠᠴᠠ ᠭᠠᠷᠭᠠᠵᠤ ᠬᠡᠷᠡᠭᠯᠡᠬᠦ ᠵᠢᠯ ᠬᠤᠭᠤᠴᠠᠭ᠎ᠠ ᠶᠢ 30 ᠡᠳᠦᠷ᠂ | 2027 ᠤᠨ ᠪᠣᠯᠬᠤ ᠳᠤ ᠭᠤᠣᠯᠳᠠᠯᠭ᠎ᠠ ᠲᠠᠢ ᠣᠷᠣᠨ ᠪᠦᠰᠡ ᠶᠢᠨ ᠬᠠᠭᠤᠴᠢᠨ ᠬᠡᠯᠪᠡᠷᠢ ᠶᠢᠨ ᠲᠡᠮᠦᠷ ᠵᠠᠮ ᠤᠨ | ᠳᠣᠲᠣᠭᠠᠳᠤ ᠶᠢᠨ ᠰᠢᠲᠠᠯᠲᠠ ᠶᠢᠨ ᠪᠤᠬ᠎ᠠ ᠲᠡᠷᠭᠡ ᠶᠢ ᠪᠦᠬᠦᠨ ᠢ ᠲᠡᠮᠦᠷ ᠵᠠᠮ ᠤᠨ ᠲᠡᠭᠡᠭᠡᠪᠦᠷᠢ ᠶᠢᠨ ᠵᠠᠬ᠎ᠠ | ᠳᠡᠯᠭᠡᠭᠦᠷ ᠠᠴᠠ ᠪᠤᠴᠠᠭᠠᠨ ᠭᠠᠷᠭᠠᠵᠤ᠂ 2035 ᠣᠨ ᠤ ᠡᠴᠦᠰ ᠪᠣᠯᠬᠤ ᠳᠤ ᠬᠠᠭᠤᠴᠢᠨ ᠬᠡᠯᠪᠡᠷᠢ ᠶᠢᠨ ᠲᠡᠮᠦᠷ | ᠵᠠᠮ ᠤᠨ ᠳᠣᠲᠣᠭᠠᠳᠤ ᠶᠢᠨ ᠰᠢᠲᠠᠯᠲᠠ ᠶᠢᠨ ᠪᠤᠬ᠎ᠠ ᠲᠡᠷᠭᠡ ᠶᠢ ᠲᠡᠮᠦᠷ ᠵᠠᠮ ᠤᠨ ᠲᠡᠭᠡᠭᠡᠪᠦᠷᠢ ᠶᠢᠨ ᠵᠠᠬ᠎ᠠ | ᠳᠡᠯᠭᠡᠭᠦᠷ ᠠᠴᠠ ᠦᠨᠳᠦᠰᠦᠨ ᠳᠤ ᠪᠠᠨ ᠪᠤᠴᠠᠭᠠᠨ ᠭᠠᠷᠭᠠᠨ᠎ᠠ᠃ ᠭᠤᠷᠪᠠᠳᠤᠭᠠᠷ ᠪᠦᠯᠦᠭ ᠪᠣᠯ ᠪᠤᠬ᠎ᠠ ᠲᠡᠷᠭᠡ ᠶᠢ | ᠰᠢᠨᠡᠳᠬᠡᠬᠦ᠂ ᠨᠡᠶᠢᠲᠡ 4 ᠵᠦᠢᠯ ᠪᠠᠶᠢᠵᠤ᠂ ᠭᠤᠣᠯᠳᠠᠭᠤ ᠮᠠᠰᠢᠨ ᠲᠡᠷᠭᠡ ᠶᠢ ᠰᠢᠨᠡᠳᠬᠡᠬᠦ ᠮᠡᠷᠭᠡᠵᠢᠯ ᠤᠨ ᠱᠠᠭᠠᠷᠳᠠᠯᠭ᠎ᠠ | ᠂ ᠪᠣᠭᠤᠮᠲᠠ ᠰᠢᠪᠲᠤᠯᠬᠤ ᠴᠢᠭᠯᠡᠯ᠂ ᠬᠠᠮᠢᠶᠠᠷᠤᠯᠲᠠ ᠶᠢᠨ ᠱᠠᠭᠠᠷᠳᠠᠯᠭ᠎ᠠ᠂ ᠳᠡᠮᠵᠢᠬᠦ ᠴᠢᠭᠯᠡᠯ ᠵᠡᠷᠭᠡ ᠠᠭᠤᠯᠭ᠎ᠠ | ᠪᠣᠯᠤᠨ᠎ᠠ᠃ ᠳᠥᠷᠪᠡᠳᠦᠭᠡᠷ ᠪᠦᠯᠦᠭ ᠪᠣᠯ ᠬᠢᠨᠠᠯᠲᠠ ᠲᠠᠯᠪᠢᠵᠤ ᠬᠠᠮᠢᠶᠠᠷᠬᠤ᠂ ᠨᠡᠶᠢᠲᠡ 7 ᠵᠦᠶ᠋ᠯ ᠪᠠᠶᠢᠵᠤ᠂ | ᠭᠤᠤᠯᠳᠠᠭᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠭᠤᠤᠯ ᠴᠣᠭᠴᠠ᠂ ᠰᠢᠯᠭᠠᠨ ᠪᠠᠶᠢᠴᠠᠭᠠᠬᠤ | ᠭᠤᠤᠯᠳᠠᠯᠭ᠎ᠠ᠂ ᠬᠢᠨᠠᠨ ᠬᠠᠮᠢᠶᠠᠷᠬᠤ ᠠᠷᠭ᠎ᠠ ᠪᠠᠷᠢᠯ᠂ ᠠᠵᠢᠯ ᠤᠨ ᠱᠠᠭᠠᠷᠳᠠᠯᠭ᠎ᠠ ᠵᠡᠷᠭᠡ ᠠᠭᠤᠯᠭ᠎ᠠ ᠪᠣᠯᠤᠨ᠎ᠠ᠃ | ᠲᠠᠪᠤᠳᠤᠭᠠᠷ ᠪᠦᠯᠦᠭ ᠪᠣᠯ ᠳᠠᠭᠠᠯᠳᠤᠭᠤᠯᠤᠭᠰᠠᠨ ᠳᠦᠷᠢᠮ᠂ ᠨᠡᠶᠢᠲᠡ 3 ᠵᠦᠢᠯ ᠪᠠᠶᠢᠵᠤ᠂ ᠭᠤᠣᠯᠳᠠᠭᠤ ᠨᠡᠷ᠎ᠡ | ᠲᠣᠮᠢᠶ᠎ᠠ ᠶᠢᠨ ᠲᠠᠶᠢᠯᠪᠤᠷᠢᠯᠠᠯᠲᠠ᠂ ᠬᠡᠷᠡᠭᠵᠢᠭᠦᠯᠬᠦ ᠴᠠᠭ ᠵᠡᠷᠭᠡ ᠠᠭᠤᠯᠭ᠎ᠠ ᠪᠣᠯᠣᠨ᠎ᠠ᠃ |