︽ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠦᠭᠯᠡᠭᠦᠷ ︵2024 | ᠬᠡᠪᠯᠡᠯ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠲᠠᠶᠢᠯᠤᠮᠵᠢ | ᠢᠷᠡᠯᠲᠡ᠄ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶᠠᠨ ᠤ ᠰᠦᠯᠵᠢᠶ᠎ᠡ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠴᠢᠬᠤᠯᠠ | ᠲᠠᠪᠴᠠᠩ ᠮᠥᠨ᠂ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠴᠢᠬᠤᠯᠠ | ᠵᠢᠭᠰᠠᠭᠠᠯ ᠤᠨ ᠭᠠᠵᠠᠷ ᠮᠥᠨ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠭᠦᠯᠬᠦ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠢᠲᠠᠳ ᠡᠮ ᠡᠮᠨᠡᠯᠭᠡ ᠬᠢᠭᠡᠳ ᠧᠦ᠋ᠷᠣᠫᠠ ᠡᠮ ᠢ ᠬᠠᠷᠢᠯᠴᠠᠨ ᠨᠥᠬᠦᠪᠥᠷᠢᠯᠡᠬᠦ᠂ ᠵᠣᠬᠢᠴᠠᠩᠭᠤᠶ ᠪᠠᠷ ᠬᠥᠭᠵᠢᠬᠦ ᠶᠢ | ᠠᠬᠢᠭᠤᠯᠤᠨ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠬᠤ | ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠶᠢᠨ ᠲᠤᠰᠠᠳᠠ᠂ ᠤᠯᠤᠰ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ᠂ ᠤᠯᠤᠰ ᠤᠨ ᠬᠢᠲᠠᠳ ᠡᠮ ᠡᠮᠨᠡᠯᠭᠡ ᠶᠢᠨ | ᠲᠣᠪᠴᠢᠶ᠎ᠠ ᠶᠢᠨ ᠶᠡᠷᠦᠩᠬᠡᠶᠢᠯᠡᠭᠰᠡᠨ ᠵᠤᠷᠭᠠᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠠᠷᠤ ᠲᠠᠯ᠎ᠠ ᠶᠢᠨ | ᠦᠢᠯᠡᠴᠢᠯᠡᠭᠡᠨ ᠤ ᠪᠠᠲᠤᠯᠠᠭ᠎ᠠ ᠶᠢᠨ ᠶᠠᠮᠤᠨ ᠤ ᠡᠷᠡᠭᠦᠯ ᠬᠠᠮᠠᠭᠠᠯᠠᠯ ᠤᠨ ᠲᠣᠪᠴᠢᠶ᠎ᠠ ᠬᠠᠮᠲᠤᠷᠠᠨ ᠵᠠᠰᠠᠪᠤᠷᠢ | ᠣᠷᠣᠭᠤᠯᠵᠤ ︽ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠬᠢᠲᠠᠳ ᠡᠮ ᠡᠮᠨᠡᠯᠭᠡ ᠶᠢᠨ ᠠᠵᠢᠯ ᠤᠨ ᠵᠦᠭᠯᠡᠭᠦᠷ ︵ | 2024 ᠬᠡᠪᠯᠡᠯ︶︾ ︵ᠳᠣᠷᠣᠭᠰᠢ ︽ᠠᠵᠢᠯ ᠤᠨ ᠵᠦᠭᠯᠡᠭᠦᠷ ︵2024 ᠬᠡᠪᠯᠡᠯ︶︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠃ | ︽ᠠᠵᠢᠯ ᠤᠨ ᠵᠦᠭᠯᠡᠭᠦᠷ ︵2024 ᠣᠨ︶︾ ᠶᠢᠨ ᠭᠤᠤᠯ ᠠᠭᠤᠯᠭ᠎ᠠ ᠳᠤ ᠡᠮᠦᠨᠡᠬᠢ ᠦᠭᠡ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠵᠢᠴᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠂ ᠬᠢᠲᠠᠳ ᠡᠮᠨᠡᠯᠭᠡ ᠶᠢᠨ | ᠡᠮᠴᠢᠯᠡᠭᠡᠨ ᠤ ᠰᠠᠯᠠᠭ᠎ᠠ ᠲᠠᠰᠤᠭ ᠤᠨ ᠴᠢᠳᠠᠮᠵᠢ ᠶᠢᠨ ᠲᠣᠬᠢᠷᠠᠭᠤᠯᠤᠯᠲᠠ ᠬᠢᠭᠡᠳ ᠪᠠᠶᠢᠭᠤᠯᠤᠯᠲᠠ ᠵᠡᠷᠭᠡ 9 ᠬᠡᠰᠡᠭ | ᠠᠭᠤᠯᠭ᠎ᠠ ᠶᠢ ᠪᠠᠭᠲᠠᠭᠠᠨ᠎ᠠ᠃ ᠡᠭᠦᠨ ᠳᠤ᠂ ︽ᠪᠤᠰᠤᠳ ᠡᠮᠴᠢᠯᠡᠭᠡᠨ ᠤ ᠰᠠᠯᠠᠭ᠎ᠠ ᠲᠠᠰᠤᠭ ᠤᠨ ᠬᠢᠲᠠᠳ ᠡᠮ | ᠡᠮᠨᠡᠯᠭᠡ ᠶᠢᠨ ᠴᠢᠳᠠᠪᠤᠷᠢ ᠶᠢᠨ ᠪᠠᠶᠢᠭᠤᠯᠤᠯᠲᠠ︾᠂ ︽ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠶᠠᠰᠤ ᠴᠢᠨᠠᠷ ᠤᠨ | ᠬᠠᠮᠢᠶᠠᠷᠤᠯᠲᠠ︾ ᠵᠡᠷᠭᠡ ᠪᠦᠯᠦᠭ ᠢ ᠰᠢᠨ᠎ᠡ ᠪᠠᠷ ᠨᠡᠮᠡᠭᠳᠡᠭᠦᠯᠦᠭᠰᠡᠨ ᠤ ᠬᠠᠮᠲᠤ᠂ ᠤᠤᠯ ᠤᠨ ᠬᠡᠰᠡᠭ ᠠᠭᠤᠯᠭ᠎ᠠ ᠶᠢ | ᠰᠢᠨᠡᠳᠬᠡᠨ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠦᠴᠦᠨ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠢᠲᠠᠳ ᠡᠮ | ᠡᠮᠨᠡᠯᠭᠡ ᠶᠢᠨ ᠠᠵᠢᠯ ᠢ ᠵᠣᠬᠢᠶᠠᠨ ᠪᠠᠶᠢᠭᠤᠯᠵᠤ ᠬᠠᠮᠢᠶᠠᠷᠬᠤ᠂ ᠠᠭᠤᠯᠤᠭᠳᠠᠬᠤᠨ ᠢᠶᠠᠨ ᠭᠦᠨᠵᠡᠭᠡᠶᠢᠷᠡᠭᠦᠯᠬᠦ᠂ | ᠰᠢᠨᠵᠢᠯᠡᠭᠡᠨ ᠤ ᠬᠥᠭᠵᠢᠯᠲᠡ ᠶᠢ ᠠᠬᠢᠭᠤᠯᠬᠤ ᠵᠡᠷᠭᠡ ᠡᠯ᠎ᠡ ᠬᠡᠮᠵᠢᠯᠳᠦ ᠬᠡᠮᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠦᠨ | ᠳᠡᠭᠡᠭᠰᠢᠯᠡᠭᠦᠯᠬᠦ ᠶᠢ ᠳᠥᠯᠭᠢᠨ ᠠᠬᠢᠭᠤᠯᠬᠤ ᠶᠢᠨ ᠲᠥᠯᠥᠭᠡ ᠶᠤᠮ᠃ |