︽ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠪᠠ ᠰᠢᠮ᠎ᠡ | ᠲᠡᠵᠢᠭᠡᠯ ᠡᠷᠡᠭᠦᠯ ᠮᠡᠨᠳᠦ ᠶᠢᠨ ᠠᠵᠢᠯ ᠤᠨ ᠨᠠᠷᠢᠨ ᠲᠦᠷᠢᠮ︾ ᠤᠨ ᠲᠠᠶᠢᠯᠤᠮᠵᠢ | ᠢᠷᠡᠯᠲᠡ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠦᠯᠵᠢᠶ᠎ᠡ | ᠨᠢᠭᠡ᠂ ᠲᠣᠭᠲᠠᠭᠠᠭᠰᠠᠨ ᠠᠬᠤᠶ ᠪᠠᠶᠢᠳᠠᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠢᠳᠡᠭᠡᠨ ᠤ ᠠᠮᠤᠷ ᠲᠦᠪᠰᠢᠨ ᠬᠢᠭᠡᠳ ᠰᠢᠮ᠎ᠡ | ᠲᠡᠵᠢᠭᠡᠯ ᠡᠷᠡᠭᠦᠯ ᠮᠡᠨᠳᠦ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶ ᠱᠦᠵᠢ ᠰᠢ ᠶᠢᠨ | ᠫᠢᠩ ᠤᠨ ᠳᠤᠷᠠᠳᠤᠭᠰᠠᠨ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠪᠠ ︽ᠬᠠᠮ ᠢᠳᠡᠭᠡᠨ ᠤ | ᠦᠵᠡᠯᠲᠡ︾ ᠶᠢᠨ ᠣᠶᠢᠯᠠᠭᠠᠭᠳᠠᠬᠤᠨ ᠨᠢ ᠰᠢᠨ᠎ᠡ ᠴᠠᠭ ᠦᠶ᠎ᠡ ᠶᠢᠨ ᠢᠳᠡᠭᠡᠨ ᠤ ᠠᠮᠤᠷ ᠲᠦᠪᠰᠢᠨ ᠪᠠ ᠰᠢᠮ᠎ᠡ | ᠲᠡᠵᠢᠭᠡᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠶ ᠵᠢᠭᠠᠨ ᠥᠭᠴᠦ᠂ ᠦᠨᠳᠦᠰᠦᠨ ᠵᠢᠷᠤᠮᠯᠠᠯ | ᠬᠠᠩᠭᠠᠪᠠ᠃ ︽ᠢᠳᠡᠭᠡᠨ ᠤ ᠠᠮᠤᠷ ᠲᠦᠪᠰᠢᠨ ᠤ ᠬᠠᠤᠯᠢ︾᠂ ︽ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ | ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾᠂ ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠢᠳᠡᠭᠡᠨ ᠤ ᠠᠮᠤᠷ | ᠲᠦᠪᠰᠢᠨ ᠤ ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽︿ᠡᠷᠡᠭᠦᠯ ᠡᠩᠬᠡ ᠳᠤᠮᠳᠠᠳᠤ ᠤᠯᠤᠰ 2030﹀ | ᠲᠥᠯᠥᠪᠵᠢᠭᠦᠯᠭᠡ ᠶᠢᠨ ᠬᠥᠲᠥᠯᠪᠦᠷᠢ︾᠂ ︽ᠤᠯᠤᠰ ᠠᠷᠠᠳ ᠤᠨ ᠰᠢᠮ᠎ᠡ ᠲᠡᠵᠢᠭᠡᠯ ᠤᠨ ᠲᠥᠯᠥᠪᠯᠡᠭᠡ ︵2017 - | 2030 ᠣᠨ︶︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠨᠢ | ᠮᠠᠨ ᠤ ᠤᠯᠤᠰ ᠤᠨ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠ | ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠶ ᠲᠣᠳᠣᠷᠬᠠᠶ ᠱᠠᠭᠠᠷᠳᠠᠯᠭ᠎ᠠ | ᠳᠤᠷᠠᠳᠪᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠬᠤ ᠰᠢᠨ᠎ᠡ ᠠᠶᠠᠨ | ᠵᠠᠮ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠡᠭᠦᠷᠭᠡᠯᠡᠵᠦ ᠪᠠᠶᠢᠭ᠎ᠠ ᠢᠳᠡᠭᠡᠨ ᠤ ᠠᠮᠤᠷ | ᠲᠦᠪᠰᠢᠨ ᠬᠢᠭᠡᠳ ᠰᠢᠮ᠎ᠡ ᠲᠡᠵᠢᠭᠡᠯ ᠡᠷᠡᠭᠦᠯ ᠮᠡᠨᠳᠦ ᠶᠢᠨ ᠠᠵᠢᠯ ᠪᠣᠯ ᠡᠷᠡᠭᠦᠯ ᠡᠩᠬᠡ ᠳᠤᠮᠳᠠᠳᠤ ᠤᠯᠤᠰ ᠢ | ᠪᠥᠲᠥᠭᠡᠨ ᠪᠠᠶᠢᠭᠤᠯᠬᠤ ᠶᠢᠨ ᠴᠢᠬᠤᠯᠠ ᠰᠠᠭᠤᠷᠢ ᠮᠥᠨ᠂ ᠤᠯᠤᠰ ᠤᠨ ᠣᠯᠠᠨ ᠨᠡᠶᠢᠲᠡ ᠶᠢᠨ ᠠᠮᠤᠷ ᠲᠦᠪᠰᠢᠨ ᠢ | ᠪᠠᠲᠤᠯᠠᠬᠤ ᠴᠢᠬᠤᠯᠠ ᠠᠭᠤᠯᠭ᠎ᠠ ᠮᠥᠨ᠂ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ | ᠬᠦᠴᠦᠨ ᠨᠡᠮᠡᠷᠢᠯᠡᠬᠦ ᠴᠢᠬᠤᠯᠠ ᠭᠠᠷᠳᠠᠴᠠ ᠮᠥᠨ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠣᠯ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠴᠢᠬᠤᠯᠠ ᠲᠤᠬᠠᠶᠢᠯᠠᠭᠰᠠᠨ ᠠᠵᠢᠯ ᠤᠨ | ᠲᠤᠯᠭᠠᠭᠤᠷᠢᠯᠠᠯ ᠪᠠ ᠲᠤᠰᠬᠠᠶ ᠮᠡᠷᠭᠡᠵᠢᠯ ᠤᠨ ᠬᠦᠴᠦᠨ ᠮᠥᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠰᠢᠰᠲ᠋ᠧᠮ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠳᠤᠮᠳᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠪᠠ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠠᠮᠢᠶ᠎ᠠ ᠪᠦᠬᠦᠢ | ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠶᠢᠨ ᠲᠤᠰᠠᠳᠠ᠂ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠠᠴᠠ ᠤᠤᠯ ᠤᠨ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠵᠥᠪᠯᠡᠯ ᠤᠨ ᠢᠳᠡᠭᠡᠨ ᠤ ᠠᠮᠤᠷ ᠲᠦᠪᠰᠢᠨ ᠤ ᠠᠵᠢᠯ ᠤᠨ ᠵᠢᠷᠤᠮᠵᠢᠯ︾ ᠪᠠ ︽ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠢᠳᠡᠭᠡᠨ ᠤ ᠠᠮᠤᠷ | ᠲᠦᠪᠰᠢᠨ ᠤ ᠠᠵᠢᠯ ᠤᠨ ᠵᠢᠷᠤᠮᠵᠢᠯ︾ ᠢ ᠳᠠᠷᠤᠮᠠᠯᠯᠠᠨ ᠲᠠᠷᠬᠠᠭᠠᠭᠰᠠᠨ 2014 ᠣᠨ ᠤ ᠬᠡᠪᠯᠡᠯ ᠤᠨ ︽ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠤᠨ ᠵᠢᠷᠤᠮᠵᠢᠯ︾ ᠢ | ᠦᠨᠳᠦᠰᠦᠯᠡᠨ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠤᠨ ᠲᠣᠭᠲᠠᠭᠠᠯ ᠢ | ᠦᠨᠳᠦᠰᠦᠯᠡᠨ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠬᠡᠷᠡᠭᠴᠡᠭᠡ ᠲᠠᠢ ᠤᠶᠠᠯᠳᠤᠭᠤᠯᠵᠤ᠂ ᠲᠤᠰᠬᠠᠶ ᠬᠦᠴᠦᠨ ᠢ | ᠵᠣᠬᠢᠶᠠᠨ ᠪᠠᠶᠢᠭᠤᠯᠤᠨ ︽ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠢᠳᠡᠭᠡᠨ ᠤ ᠠᠮᠤᠷ | ᠲᠦᠪᠰᠢᠨ ᠪᠠ ᠰᠢᠮ᠎ᠡ ᠲᠡᠵᠢᠭᠡᠯ ᠡᠷᠡᠭᠦᠯ ᠮᠡᠨᠳᠦ ᠶᠢᠨ ᠠᠵᠢᠯ ᠤᠨ ᠨᠠᠷᠢᠨ ᠳᠦᠷᠢᠮ︾ ︵ᠳᠣᠷᠣᠭᠰᠢ ︽ᠨᠠᠷᠢᠨ | ᠳᠦᠷᠢᠮ︾ ᠭᠡᠵᠦ ᠲᠣᠪᠴᠢᠯᠠᠨ᠎ᠠ︶ ᠢ ᠰᠤᠳᠤᠯᠤᠨ ᠲᠣᠭᠲᠠᠭᠠᠪᠠ᠃ ᠨᠢᠭᠡ ᠵᠢᠯ ᠢᠯᠡᠭᠦᠦ ᠶᠢᠨ ᠰᠤᠳᠤᠯᠤᠨ | ᠲᠤᠭᠤᠷᠪᠢᠬᠤ ᠶᠠᠪᠤᠴᠠ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠮᠢᠶ᠎ᠠ ᠪᠦᠬᠦᠢ | ᠰᠠᠯᠠᠭ᠎ᠠ ᠮᠥᠴᠢᠷ᠂ ᠣᠷᠣᠨ ᠨᠤᠲᠤᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠬᠤᠯᠪᠣᠭᠳᠠᠯ | ᠪᠦᠬᠦᠢ ᠲᠤᠰᠬᠠᠢ ᠮᠡᠷᠭᠡᠵᠢᠯᠲᠡᠨ᠂ ᠨᠢᠭᠡᠳᠦᠭᠡᠷ ᠹᠷᠣᠨᠲ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ | ᠰᠣᠨᠣᠰᠤᠭᠰᠠᠨ ᠪᠥᠭᠡᠳ ᠡᠯ᠎ᠡ ᠲᠠᠯ᠎ᠠ ᠶᠢᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ | ᠳᠠᠷᠠᠭ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠲᠠᠢ ᠬᠠᠮᠲᠤᠷᠠᠨ ︽ᠨᠠᠷᠢᠨ ᠳᠦᠷᠢᠮ | ︾ ᠢ ᠳᠠᠷᠤᠮᠠᠯᠯᠠᠨ ᠲᠠᠷᠬᠠᠭᠠᠪᠠ᠃ ︽ᠨᠠᠷᠢᠨ ᠲᠦᠷᠢᠮ︾ ᠳᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠶᠢᠨ ᠣᠲᠣ ᠶᠢᠨ ᠪᠠᠶᠢᠭ᠎ᠠ ᠢᠳᠡᠭᠡᠨ ᠤ ᠠᠮᠤᠷ ᠲᠦᠪᠰᠢᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠡᠮᠬᠢᠯᠡᠨ ᠨᠠᠷᠢᠯᠢᠬᠵᠢᠭᠤᠯᠵᠤ᠂ ᠰᠢᠮ᠎ᠡ ᠲᠡᠵᠢᠭᠡᠯ ᠡᠷᠡᠭᠦᠯ ᠮᠡᠨᠳᠦ ᠶᠢᠨ ᠠᠵᠢᠯ ᠤᠨ ᠡᠭᠦᠷᠭᠡ | ᠬᠠᠷᠢᠭᠤᠴᠠᠯᠭ᠎ᠠ ᠶᠢ ᠰᠢᠨ᠎ᠡ ᠪᠠᠷ ᠨᠡᠮᠡᠵᠦ᠂ ᠡᠨᠡ ᠨᠢ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠶᠢ ᠵᠢᠯᠣᠭᠤᠳᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠠᠶᠢᠭᠤᠯᠤᠮᠵᠢ ᠪᠠ ᠴᠢᠳᠠᠪᠤᠷᠢ ᠶᠢᠨ | ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ | ᠡᠮᠬᠢ ᠵᠢᠷᠤᠮ ᠲᠠᠢ ᠵᠣᠯᠭᠠᠭᠤᠯᠬᠤ ᠪᠠ ᠠᠬᠢᠭᠤᠯᠬᠤ ᠶᠢ ᠪᠠᠲᠤᠯᠠᠬᠤ ᠶᠢᠨ ᠲᠥᠯᠥᠭᠡ ᠶᠤᠮ᠃ | ᠬᠤᠶᠠᠷ᠂ ᠭᠤᠣᠯ ᠠᠭᠤᠯᠭ᠎ᠠ | ︽ᠨᠠᠷᠢᠨ ᠲᠦᠷᠢᠮ︾ ᠳᠤ ᠨᠡᠶᠢᠲᠡ ᠠᠷᠪᠠᠨ ᠨᠢᠭᠡᠨ ᠪᠦᠯᠦᠭ ᠲᠠᠪᠢᠨ ᠲᠦᠷᠪᠡᠨ ᠵᠤᠶᠢᠯ᠃ | ᠨᠢᠭᠡᠳᠦᠭᠡᠷ ᠪᠦᠯᠦᠭ ᠶᠡᠷᠦᠩᠬᠡᠶ ᠲᠦᠷᠢᠮ ᠪᠠ ᠬᠤᠶᠠᠳᠤᠭᠠᠷ ᠪᠦᠯᠦᠭ ᠤᠨ ᠠᠵᠢᠯ ᠤᠨ ᠠᠭᠤᠯᠭ᠎ᠠ ᠳᠤ | ᠲᠣᠭᠲᠠᠭᠠᠬᠤ ᠦᠨᠳᠦᠰᠦᠯᠡᠯ ᠪᠠ ᠮᠤᠵᠢ᠂ ᠬᠤᠲᠠ᠂ ᠰᠢᠶᠠᠨ ᠭᠤᠷᠪᠠᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠪᠠ ᠰᠢᠮ᠎ᠡ ᠲᠡᠵᠢᠭᠡᠯ ᠡᠷᠡᠭᠦᠯ ᠮᠡᠨᠳᠦ ᠶᠢᠨ ᠠᠵᠢᠯ ᠤᠨ | ᠠᠭᠤᠯᠭ᠎ᠠ ᠪᠠ ᠬᠡᠪᠴᠢᠶ᠎ᠡ ᠶᠢ ᠳᠤᠷᠠᠳᠤᠨ ᠭᠠᠷᠭᠠᠪᠠ᠃ | ᠭᠤᠷᠪᠠᠳᠤᠭᠠᠷ ᠪᠦᠯᠦᠭ ᠢᠳᠡᠭᠡᠨ ᠤ ᠪᠣᠬᠢᠷᠲᠤᠯ ᠬᠢᠭᠡᠳ ᠬᠤᠤᠷ ᠬᠥᠨᠥᠭᠡᠯ ᠲᠠᠢ ᠬᠦᠴᠦᠨ ᠵᠦᠢᠯ ᠢ ᠬᠢᠨᠠᠨ | ᠬᠡᠮᠵᠢᠬᠦ ᠵᠢᠴᠢ ᠲᠦᠭᠰᠢᠭᠦᠷᠢ ᠶᠢ ᠦᠨᠡᠯᠡᠨ ᠵᠢᠱᠢᠬᠦ ᠳᠤ ᠮᠤᠵᠢ᠂ ᠬᠤᠲᠠ᠂ ᠰᠢᠶᠠᠨ ᠤ ᠭᠤᠷᠪᠠᠨ ᠱᠠᠲᠤᠨ ᠤ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ | ᠬᠢᠨᠠᠨ ᠬᠡᠮᠵᠢᠬᠦ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠠᠵᠢᠯ ᠤᠨ ᠬᠤᠯᠪᠣᠭᠳᠠᠯ ᠪᠥᠬᠦᠶ ᠠᠭᠤᠯᠭ᠎ᠠ ᠶᠢ | ᠨᠠᠷᠢᠯᠢᠭᠵᠢᠭᠤᠯᠪᠠ᠃ | ᠳᠥᠷᠪᠡᠳᠦᠭᠡᠷ ᠪᠦᠯᠦᠭ ᠢᠳᠡᠭᠡᠨ ᠤ ᠢᠷᠡᠯᠲᠡ ᠶᠢᠨ ᠴᠢᠨᠠᠷᠲᠠᠶ ᠡᠪᠡᠳᠴᠢᠨ ᠡᠮᠭᠡᠭ ᠢ ᠬᠢᠨᠠᠨ ᠬᠡᠮᠵᠢᠭᠰᠡᠨ | ᠮᠡᠳᠡᠭᠦᠯᠦᠯᠲᠡ ᠬᠢᠭᠡᠳ ᠢᠳᠡᠭᠡᠨ ᠤ ᠠᠮᠤᠷ ᠲᠦᠪᠰᠢᠨ ᠤ ᠠᠳᠡᠯ ᠤᠨ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠲᠠ ᠳᠤ ᠮᠤᠵᠢ᠂ ᠬᠤᠲᠠ᠂ ᠰᠢᠶᠠᠨ ᠤ ᠭᠤᠷᠪᠠᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠶᠢᠨ ᠲᠣᠰ ᠲᠣᠰ ᠤᠨ ᠢᠷᠡᠯᠲᠡ ᠶᠢᠨ ᠴᠢᠨᠠᠷᠲᠠᠶ ᠡᠪᠡᠳᠴᠢᠨ ᠡᠮᠭᠡᠭ ᠢ ᠬᠢᠨᠠᠨ ᠬᠡᠮᠵᠢᠬᠦ᠂ ᠢᠳᠡᠭᠡᠨ ᠤ | ᠠᠮᠤᠷ ᠲᠦᠪᠰᠢᠨ ᠤ ᠠᠳᠡᠯ ᠤᠨ ᠲᠤᠬᠠᠶ ᠶᠢᠨ ᠲᠠᠯᠠᠪᠤᠷ ᠤᠨ ᠡᠷᠡᠭᠦᠯ ᠬᠠᠮᠠᠭᠠᠯᠠᠯ ᠢ ᠰᠢᠢᠳᠪᠤᠷᠢᠯᠡᠬᠦ ᠪᠠ ᠲᠠᠬᠤᠯ | ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠤᠨ ᠠᠭᠤᠯᠭ᠎ᠠ ᠶᠢ ᠲᠣᠳᠣᠷᠬᠠᠶ ᠲᠣᠭᠲᠠᠭᠠᠪᠠ᠃ | ᠲᠠᠪᠤᠳᠤᠭᠠᠷ ᠪᠦᠯᠦᠭ ᠢᠳᠡᠭᠡᠨ ᠤ ᠠᠶᠤᠯ ᠦᠭᠡᠶ ᠶᠢᠨ ᠪᠠᠷᠢᠮᠵᠢᠶ᠎ᠠ ᠶᠢᠨ ᠮᠡᠷᠭᠡᠵᠢᠯ ᠤᠨ ᠬᠠᠮᠢᠶᠠᠷᠤᠯᠲᠠ ᠶᠢ | ᠢᠳᠡᠭᠡᠨ ᠤ ᠠᠶᠤᠯ ᠦᠭᠡᠶ ᠶᠢᠨ ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ᠂ ᠠᠵᠤ ᠠᠬᠤᠶᠢᠯᠠᠯ ᠤᠨ | ᠪᠠᠷᠢᠮᠵᠢᠶ᠎ᠠ ᠶᠢ ᠳᠠᠩᠰᠠᠯᠠᠬᠤ᠂ ᠮᠥᠷᠳᠡᠨ ᠦᠨᠡᠯᠡᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠨᠠᠷᠢᠯᠢᠭᠵᠢᠭᠤᠯᠪᠠ᠃ | ᠵᠢᠷᠭᠤᠳᠤᠭᠠᠷ ᠪᠦᠯᠦᠭ ᠤᠯᠤᠰ ᠠᠷᠠᠳ ᠤᠨ ᠰᠢᠮ᠎ᠡ ᠲᠡᠵᠢᠭᠡᠯ ᠤᠨ ᠲᠥᠯᠥᠪᠯᠡᠭᠡ ᠪᠠ ᠵᠦᠢ ᠵᠣᠬᠢᠰᠲᠠᠢ ᠢᠳᠡᠭᠡᠨ | ᠤᠮᠳᠠᠭᠠᠨ ᠤ ᠠᠵᠢᠯᠯᠠᠭ᠎ᠠ᠂ ᠳᠣᠯᠣᠳᠤᠭᠠᠷ ᠪᠦᠯᠦᠭ ᠰᠢᠮ᠎ᠡ ᠲᠡᠵᠢᠭᠡᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠪᠠ ᠡᠷᠡᠭᠦᠯ ᠮᠡᠨᠳᠦ ᠶᠢ ᠠᠬᠢᠭᠤᠯᠬᠤ ᠠᠵᠢᠯ ᠪᠣᠯ ᠡᠷᠡᠭᠦᠯ ᠡᠩᠬᠡ | ᠳᠤᠮᠳᠠᠳᠤ ᠤᠯᠤᠰ ᠤᠨ ᠪᠠᠶᠢᠭᠤᠯᠤᠯᠲᠠ᠂ ᠢᠳᠡᠭᠡᠨ ᠤᠮᠳᠠᠭᠠᠨ ᠤ ᠠᠵᠢᠯᠯᠠᠭ᠎ᠠ ᠶᠢ ᠵᠦᠢ ᠵᠣᠬᠢᠰᠲᠠᠢ ᠠᠬᠢᠭᠤᠯᠬᠤ | ᠠᠵᠢᠯᠯᠠᠭ᠎ᠠ ᠵᠡᠷᠭᠡ ᠱᠠᠭᠠᠷᠳᠠᠯᠭ᠎ᠠ ᠶᠢ ᠦᠨᠳᠦᠰᠦᠯᠡᠨ ᠰᠢᠨ᠎ᠡ ᠪᠠᠷ ᠨᠡᠮᠡᠭᠳᠡᠬᠦ ᠠᠭᠤᠯᠭ᠎ᠠ ᠪᠠᠶᠢᠵᠤ᠂ ᠮᠤᠵᠢ᠂ ᠬᠤᠲᠠ᠂ | ᠰᠢᠶᠠᠨ ᠤ ᠭᠤᠷᠪᠠᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠡᠭᠦᠷᠭᠡᠯᠡᠵᠦ | ᠪᠠᠶᠢᠭ᠎ᠠ ᠤᠯᠤᠰ ᠠᠷᠠᠳ ᠤᠨ ᠰᠢᠮ᠎ᠡ ᠲᠡᠵᠢᠭᠡᠯ ᠤᠨ ᠲᠥᠯᠥᠪᠯᠡᠭᠡ᠂ ᠵᠦᠢ ᠵᠣᠬᠢᠰᠲᠠᠢ ᠬᠤᠭᠤᠯᠠ ᠢᠳᠡᠬᠦ ᠠᠵᠢᠯᠯᠠᠭ᠎ᠠ᠂ | ᠠᠳᠠᠯᠢ ᠪᠤᠰᠤ ᠬᠥᠮᠥᠰ ᠤᠨ ᠰᠢᠮ᠎ᠡ ᠲᠡᠵᠢᠭᠡᠯ ᠢ ᠬᠢᠨᠠᠨ ᠬᠡᠮᠵᠢᠵᠦ ᠦᠨᠡᠯᠡᠨ ᠵᠢᠱᠢᠬᠦ ᠵᠢᠴᠢ ᠢᠳᠡᠭᠡᠨ ᠤ | ᠪᠦᠷᠢᠯᠳᠦᠬᠦᠨ ᠢ ᠬᠢᠨᠠᠨ ᠬᠡᠮᠵᠢᠬᠦ᠂ ᠢᠳᠡᠭᠡᠨ ᠤ ᠠᠮᠤᠷ ᠲᠦᠪᠰᠢᠨ ᠬᠢᠭᠡᠳ ᠰᠢᠮ᠎ᠡ ᠲᠡᠵᠢᠭᠡᠯ ᠡᠷᠡᠭᠦᠯ ᠮᠡᠨᠳᠦ ᠶᠢᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠵᠡᠷᠭᠡ ᠠᠵᠢᠯ ᠢ ᠲᠣᠳᠣᠷᠬᠠᠶᠢᠯᠠᠪᠠ᠃ | ᠶᠢᠰᠦᠳᠦᠭᠡᠷ ᠪᠦᠯᠦᠭ ᠲᠤᠷᠰᠢᠯᠲᠠ ᠶᠢᠨ ᠲᠠᠰᠤᠭ ᠤᠨ ᠴᠢᠳᠠᠪᠤᠷᠢ ᠶᠢᠨ ᠪᠠᠶᠢᠭᠤᠯᠤᠯᠲᠠ ᠬᠢᠭᠡᠳ | ᠬᠠᠮᠢᠶᠠᠷᠤᠯᠲᠠ ᠶᠢᠨ ᠲᠠᠯ᠎ᠠ ᠪᠠᠷ ᠮᠤᠵᠢ᠂ ᠬᠤᠲᠠ᠂ ᠰᠢᠶᠠᠨ ᠭᠤᠷᠪᠠᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠪᠠᠶᠢᠭᠤᠯᠤᠮᠵᠢ ᠶᠢᠨ ᠪᠦᠷᠢᠯᠳᠦᠭᠦᠯᠪᠡᠰᠦ ᠵᠣᠬᠢᠬᠤ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ | ᠴᠢᠳᠠᠪᠤᠷᠢ ᠶᠢ ᠲᠣᠭᠲᠠᠭᠠᠬᠤ ᠶᠢᠨ ᠬᠠᠮᠲᠤ ᠮᠡᠷᠭᠡᠵᠢᠯ ᠤᠨ ᠪᠣᠯᠪᠠᠰᠤᠷᠠᠯ ᠪᠣᠯᠤᠨ ᠶᠠᠰᠤ ᠴᠢᠨᠠᠷ ᠤᠨ ᠦᠨᠡᠯᠡᠯᠲᠡ ᠶᠢᠨ | ᠠᠵᠢᠯ ᠳᠤ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ | ᠠᠷᠪᠠᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠ ᠠᠷᠪᠠᠨ ᠨᠢᠭᠡᠳᠦᠭᠡᠷ ᠪᠦᠯᠦᠭ ᠳᠠᠭᠠᠯᠳᠤᠭᠤᠯᠤᠯ | ᠲᠦᠷᠢᠮ ᠳᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠪᠠᠶᠢᠪᠠᠰᠤ ᠵᠣᠬᠢᠬᠤ ᠴᠢᠬᠤᠯᠠ ᠪᠦᠬᠦᠢ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠰᠠᠭᠠᠳ ᠦᠭᠡᠶ ᠪᠦᠲᠦᠮᠵᠢᠲᠡᠶ ᠠᠵᠢᠯ ᠤᠨ ᠵᠣᠯᠭᠠᠭᠤᠯᠬᠤ | ᠲᠣᠭᠲᠠᠴᠠ ᠶᠢ ᠪᠠᠶᠢᠭᠤᠯᠬᠤ ᠵᠡᠷᠭᠡ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ | ᠳᠠᠭᠠᠯᠳᠤᠭᠤᠯᠤᠯ ᠬᠦᠰᠦᠨᠦᠭᠲᠦ ᠳᠤ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠶᠢᠨ ᠰᠣᠩᠭᠤᠨ ᠲᠣᠬᠢᠷᠠᠭᠤᠯᠬᠤ ᠲᠤᠷᠰᠢᠯᠲᠠ ᠶᠢᠨ ᠲᠠᠰᠤᠭ ᠤᠨ ᠬᠡᠮᠵᠢᠭᠦᠷᠯᠢᠭ ᠲᠥᠬᠦᠭᠡᠷᠦᠮᠵᠢ ᠶᠢᠨ | ᠰᠠᠨᠠᠭᠤᠯᠭ᠎ᠠ ᠶᠢᠨ ᠨᠠᠷᠢᠨ ᠬᠠᠭᠤᠳᠠᠰᠤ ᠪᠠ ᠰᠢᠮ᠎ᠡ ᠲᠡᠵᠢᠭᠡᠯ ᠢ ᠪᠠᠶᠢᠴᠠᠭᠠᠬᠤ ᠲᠤᠬᠠᠶ ᠶᠢᠨ ᠲᠠᠯᠠᠪᠠᠶ ᠶᠢᠨ 1 | ᠲᠥᠬᠦᠭᠡᠷᠦᠮᠵᠢ ᠶᠢᠨ ᠰᠠᠨᠠᠭᠤᠯᠭ᠎ᠠ ᠶᠢᠨ ᠨᠠᠷᠢᠨ ᠬᠠᠭᠤᠳᠠᠰᠤ ᠶᠢ ᠪᠠᠭᠲᠠᠭᠠᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | ᠡᠯ᠎ᠡ ᠭᠠᠵᠠᠷ ᠤᠨ ᠬᠢᠨ ︽ᠨᠠᠷᠢᠨ ᠲᠦᠷᠢᠮ︾ ᠢᠶᠠᠷ ᠵᠢᠯᠣᠭᠤᠳᠣᠯᠭ᠎ᠠ ᠪᠣᠯᠭᠠᠵᠤ᠂ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠬᠠᠮᠢᠶ᠎ᠠ ᠪᠥᠬᠦᠶ ᠢᠳᠡᠭᠡᠨ ᠤ ᠠᠮᠤᠷ ᠲᠦᠪᠰᠢᠨ ᠪᠠ ᠰᠢᠮ᠎ᠡ ᠲᠡᠵᠢᠭᠡᠯ ᠡᠷᠡᠭᠦᠯ | ᠮᠡᠨᠳᠦ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠥᠬᠡᠶ ᠴᠢᠩᠭᠠᠳᠬᠠᠨ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠪᠠᠲᠤᠯᠠᠭ᠎ᠠ ᠶᠢ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠰᠠᠭᠤᠷᠢ ᠶᠢ | ᠪᠠᠬᠢᠵᠢᠭᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠵᠤ᠂ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ | ᠂ ᠤᠯᠤᠰ ᠤᠨ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ ᠭᠡᠵᠡᠢ᠃ |