202415 ᠲᠥᠷᠦ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/18
︽2024 ᠣᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠲᠠᠶᠢᠯᠤᠮᠵᠢ   ᠢᠷᠡᠯᠲᠡ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠦᠯᠵᠢᠶ᠎ᠡ    ᠣᠶᠢᠷ᠎ᠠ ᠳᠤ᠂ ᠡᠯ᠎ᠡ ᠭᠠᠵᠠᠷ ᠢ ᠵᠢᠯᠣᠭᠤᠳᠤᠨ 2024 ᠣᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠠᠴᠠ ︽2024 ᠣᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠤᠯᠤᠰ ᠤᠨ ᠡᠷᠡᠭᠦᠯ ᠬᠠᠮᠠᠭᠠᠯᠠᠯ ᠤᠨ ᠦᠨᠳᠦᠰᠦᠨ ᠱᠠᠲᠤ ᠲᠠᠷᠬᠠᠭᠠᠭᠰᠠᠨ ﹇2020﹈ 31  ᠳ᠋ᠤᠭᠡᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠪᠠ᠃    ᠨᠢᠭᠡ᠂ 2024 ᠣᠨ ᠤ ᠬᠥᠮᠦᠨ ᠳᠤᠮᠳᠠᠴᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠨᠥᠬᠦᠪᠥᠷᠢ ᠶᠢᠨ ᠪᠠᠷᠢᠮᠵᠢᠶ᠎ᠠ ᠬᠡᠳᠦᠶ ᠪᠣᠶ︖ ᠰᠢᠨ᠎ᠡ ᠪᠠᠷ ᠨᠡᠮᠡᠭᠳᠡᠭᠰᠡᠨ ᠵᠠᠷᠤᠳᠠᠯ ᠢ ᠬᠡᠷᠬᠢᠨ ᠬᠡᠷᠡᠭᠯᠡᠬᠦ ᠪᠣᠶ︖    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠭᠡᠳᠦ ᠬᠡᠮᠵᠢᠶᠡᠨ ᠤ ᠴᠢᠬᠤᠯᠠᠴᠢᠯᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠳᠣᠤᠷ᠎ᠠ᠂ 2024 ᠣᠨ ᠳᠤ᠂ ᠬᠥᠮᠦᠨ ᠳᠤᠮᠳᠠᠴᠢ ᠶᠢᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠠᠬᠢᠨ 5 ᠲᠥᠭᠦᠷᠢᠭ ᠨᠡᠮᠡᠭᠳᠡᠭᠦᠯᠵᠦ᠂ 94 ᠲᠥᠭᠦᠷᠢᠭ ᠲᠤ ᠬᠦᠷᠭᠡᠪᠡ᠃ ᠰᠢᠨ᠎ᠡ ᠪᠠᠷ ᠨᠡᠮᠡᠭᠳᠡᠭᠰᠡᠨ ᠵᠠᠷᠤᠳᠠᠯ ᠪᠠ 2020 - 2023 ᠣᠨ ᠳᠤ ᠨᠡᠶᠢᠲᠡ ᠨᠡᠮᠡᠭᠳᠡᠭᠰᠡᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠳ᠋ ᠤᠨ ᠵᠠᠰᠠᠭ ᠤᠨ ᠨᠥᠬᠦᠪᠥᠷᠢ ᠵᠠᠷᠤᠳᠠᠯ ᠢ ᠨᠠᠰᠤᠲᠠᠶᠢᠴᠤᠳ᠂ ᠴᠢᠰᠤᠨ ᠳᠠᠷᠤᠯᠲᠠ ᠥᠨᠳᠥᠷ᠂ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠵᠡᠷᠭᠡ ᠤᠳᠠᠭᠠᠨ ᠴᠢᠨᠠᠷᠲᠠᠶ ᠡᠪᠡᠳᠴᠢᠲᠡᠨ᠂ ᠬᠥᠳᠡᠭᠡ ᠲᠣᠰᠬᠤᠨ ᠤ ᠡᠮᠡᠭᠲᠡᠶᠢᠴᠦᠳ ᠤᠨ ︽ᠬᠤᠶᠠᠷ ᠥᠮᠡᠨ︾ ᠢ ᠪᠠᠶᠢᠴᠠᠭᠠᠬᠤ ᠵᠡᠷᠭᠡ ᠠᠰᠢᠭ ᠭᠥᠷᠳᠡᠬᠦ ᠬᠥᠮᠦᠰ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠳᠤ ᠦᠷᠭᠦᠯᠵᠢᠯᠡᠨ  ᠬᠡᠷᠩᠯᠡᠨ᠎ᠡ᠃ ᠦᠢᠯᠡᠴᠢᠯᠡᠭᠡᠨ ᠤ ᠠᠭᠤᠯᠭ᠎ᠠ ᠶᠢ ᠭᠦᠨᠵᠡᠭᠡᠶ ᠪᠥᠭᠡᠳ ᠪᠣᠳᠠᠲᠠᠶᠢᠵᠢᠭᠤᠯᠵᠤ᠂ ᠨᠠᠰᠤᠲᠠᠶᠢᠴᠤᠳ᠂ ᠤᠳᠠᠭᠠᠨ ᠴᠢᠨᠠᠷᠲᠠᠶ ᠡᠪᠡᠳᠴᠢᠲᠡᠨ᠂ 0 ~ 6 ᠨᠠᠰᠤᠨ ᠤ ᠬᠡᠤᠬᠡᠳ᠂ ᠵᠢᠷᠮᠦᠰᠦᠨ ᠡᠮᠡᠭᠲᠡᠶ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠵᠡᠷᠭᠡ ᠬᠥᠮᠦᠰ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ  ᠴᠢᠩᠭᠠᠳᠬᠠᠨ᠎ᠠ᠃ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠢ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠡᠷᠡᠭᠦᠯ ᠮᠡᠨᠳᠦ ᠶᠢᠨ ᠬᠥᠮᠦᠵᠢᠯ ᠪᠠ ᠭᠤᠣᠯᠳᠠᠯᠭ᠎ᠠ ᠲᠠᠢ ᠬᠥᠮᠦᠰ ᠤᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢ  ᠴᠢᠩᠭᠠᠳᠬᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠢᠰᠬᠤᠯ ᠤᠨ ᠵᠠᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠬᠤᠯᠪᠣᠭᠳᠠᠯ ᠪᠥᠬᠦᠶ ᠠᠵᠢᠯ ᠢ ᠨᠢᠭᠡᠳᠦᠯᠲᠡᠶ ᠲᠥᠯᠥᠪᠯᠡᠨ᠎ᠡ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠢ ᠲᠣᠰ ᠬᠥᠮᠦᠨ ᠳᠤ ᠨᠡᠭᠡᠭᠡᠬᠦ ᠪᠠ ᠪᠣᠳᠠᠲᠠᠶ ᠶᠢ ᠡᠷᠬᠢᠮᠯᠡᠨ ᠬᠡᠷᠡᠭᠯᠡᠬᠦ ᠶᠢ ᠲᠦᠷᠭᠡᠳᠬᠡᠨ ᠠᠬᠢᠭᠤᠯᠤᠨ᠎ᠠ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠬᠠᠮᠢᠶ᠎ᠠ ᠪᠥᠬᠦᠶ ᠦᠢᠯᠡᠴᠢᠯᠡᠭᠡᠨ ᠤ ᠠᠭᠤᠯᠭ᠎ᠠ ᠵᠡᠷᠭᠡ ᠶᠢ ᠰᠠᠶᠢᠲᠤᠷ ᠨᠠᠶᠢᠳᠠᠪᠤᠷᠢᠵᠢᠭᠤᠯᠤᠨ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠬᠥᠮᠦᠰ ᠲᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠨ᠎ᠡ᠃    ᠬᠤᠶᠠᠷ᠂ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ 2024 ᠣᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠳᠤ ᠶᠠᠮᠠᠷ ᠶᠠᠮᠠᠷ ᠰᠢᠨ᠎ᠡ ᠱᠠᠭᠠᠷᠳᠠᠯᠭ᠎ᠠ ᠪᠠᠶᠢᠬᠤ ᠪᠣᠶ︖  ᠦᠢᠯᠡᠴᠢᠯᠡᠭᠡ ᠶᠢ ᠳᠤᠪᠤᠶᠢᠯᠭᠠᠬᠤ ᠶᠢ ᠨᠡᠩ ᠴᠢᠬᠤᠯᠠᠴᠢᠯᠠᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠲᠥᠷᠦᠭᠳᠡᠯ ᠢ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ ᠦᠢᠯᠡᠴᠢᠯᠡᠭᠡᠨ ᠤ ᠠᠭᠤᠯᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ᠎ᠠ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠤ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠤ ᠬᠤᠶᠠᠷ ᠵᠦᠢᠯ ᠤᠨ ᠤᠳᠠᠭᠠᠨ ᠴᠢᠨᠠᠷᠲᠠᠶ ᠡᠪᠡᠳᠴᠢᠲᠡᠨ ᠤ ᠡᠷᠡᠭᠦᠯ ᠮᠡᠨᠳᠦ ᠶᠢᠨ ᠦᠢᠯᠡᠴᠢᠯᠡᠭᠡᠨ ᠤ ᠰᠠᠭᠤᠷᠢᠨ ᠳᠡᠭᠡᠷ᠎ᠡ᠂ ᠠᠮᠢᠰᠬᠤᠯ ᠤᠨ ᠵᠠᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠤᠳᠠᠭᠠᠨ ᠴᠢᠨᠠᠷᠲᠠᠶ ᠠᠭᠤᠰᠬᠢᠨ ᠡᠪᠡᠳᠴᠢᠲᠡᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠴᠢᠩᠭᠠᠷᠠᠭᠤᠯᠤᠨ᠎ᠠ᠃ ᠬᠤᠶᠠᠷ ᠲᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠨᠠᠰᠤᠲᠠᠶᠢᠴᠤᠳ ᠪᠠ ᠤᠳᠠᠭᠠᠨ ᠴᠢᠨᠠᠷᠲᠠᠶ ᠡᠪᠡᠳᠴᠢᠲᠡᠨ ᠳᠤ ᠡᠷᠡᠭᠦᠯ ᠮᠡᠨᠳᠦ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠲᠥᠷᠥᠯ ᠬᠤᠪᠢᠶᠠᠨ ᠲᠠᠰ ᠬᠤᠪᠢᠶᠠᠨ ᠡᠷᠡᠭᠦᠯ ᠮᠡᠨᠳᠦ ᠶᠢᠨ ᠦᠢᠯᠡᠴᠢᠯᠡᠭᠡ ᠶᠢ ᠬᠡᠷᠡᠭᠵᠢᠭᠦᠯᠦᠨ᠂ ᠬᠠᠷᠢᠯᠴᠠᠬᠤ ᠤᠳᠠᠭ᠎ᠠ ᠶᠢ ᠵᠣᠬᠢᠰᠲᠠᠶ ᠨᠡᠮᠡᠭᠳᠡᠭᠦᠯᠵᠦ᠂ ᠣᠯᠠᠨ ᠲᠦᠮᠡᠨ ᠤ ᠲᠥᠷᠥᠭᠳᠡᠯ ᠢ ᠰᠠᠶᠢᠵᠢᠷᠠᠭᠤᠯᠤᠨ᠎ᠠ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠨ᠂ ᠭᠤᠤᠯᠳᠠᠯᠭ᠎ᠠ ᠲᠠᠢ ᠬᠥᠮᠦᠰ ᠤᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠶᠢ ᠠᠬᠢᠭᠤᠯᠤᠨ᠂ ᠰᠢᠶᠠᠨ ᠤ ᠬᠡᠪᠴᠢᠶ᠎ᠡ ᠪᠠᠷ ᠦᠷᠭᠦᠯᠵᠢᠯᠡᠨ ᠨᠢᠭᠡᠴᠢ ᠪᠣᠯᠭᠠᠵᠤ ᠡᠷᠡᠭᠦᠯ ᠮᠡᠨᠳᠦ ᠶᠢᠨ ᠡᠯᠧᠺᠲᠷᠣᠨ ᠳᠠᠩᠰᠠ ᠡᠪᠬᠡᠮᠡᠯ ᠢ ᠰᠠᠭᠤᠭᠠᠯᠢ ᠠᠷᠠᠳ ᠤᠨ ᠬᠤᠪᠢ ᠬᠥᠮᠦᠨ ᠳᠤ ᠨᠡᠭᠡᠭᠡᠬᠦ ᠪᠠ ᠪᠣᠳᠠᠲᠠᠶ ᠶᠢ ᠡᠷᠬᠢᠮᠯᠡᠨ ᠬᠡᠷᠡᠭᠯᠡᠬᠦ ᠶᠢ ᠠᠬᠢᠭᠤᠯᠤᠨ᠎ᠠ᠃    ᠭᠤᠷᠪᠠ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠤᠵᠢᠭ ᠴᠢᠨᠠᠷᠲᠠᠶ ᠡᠪᠡᠳᠴᠢᠲᠡᠨ ᠤ ᠡᠷᠡᠭᠦᠯ ᠮᠡᠨᠳᠦ ᠶᠢᠨ ᠦᠢᠯᠡᠴᠢᠯᠡᠭᠡᠨ ᠤ ᠳᠤᠮᠳᠠ ᠤᠳᠠᠭᠠᠨ ᠴᠢᠨᠠᠷᠲᠠᠶ ᠠᠭᠤᠰᠬᠢᠨ ᠡᠪᠡᠳᠴᠢᠲᠡᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠨᠡᠮᠡᠬᠦ ᠪᠠᠷ ᠪᠣᠳᠣᠯᠬᠢᠯᠠᠬᠤ ︖    ᠨᠢᠭᠡ ᠳᠤ᠂ ᠤᠳᠠᠭᠠᠨ ᠴᠢᠨᠠᠷᠲᠠᠶ ᠠᠭᠤᠰᠬᠢᠨ ᠡᠪᠡᠳᠴᠢᠨ ᠪᠣᠯ ᠮᠠᠨ ᠤ ᠤᠯᠤᠰ ᠤᠨ ᠬᠠᠮᠤᠭ ᠤᠨ ᠪᠠᠶᠢᠩᠭᠤ ᠲᠣᠬᠢᠶᠠᠯᠳᠤᠳᠠᠭ ᠤᠳᠠᠭᠠᠨ ᠴᠢᠨᠠᠷᠲᠠᠶ ᠠᠮᠢᠰᠬᠤᠯ ᠤᠨ ᠰᠢᠰᠲ᠋ᠧᠮ ᠤᠨ ᠡᠪᠡᠳᠴᠢᠨ ᠮᠥᠨ᠂ ᠪᠠᠰᠠ ᠴᠤ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠤ ᠭᠤᠷᠪᠠᠳᠠᠬᠢ ᠶᠡᠭᠡ ᠪᠠᠶᠢᠩᠭᠤ ᠲᠣᠬᠢᠶᠠᠯᠳᠤᠳᠠᠭ ᠤᠳᠠᠭᠠᠨ ᠴᠢᠨᠠᠷᠲᠠᠶ ᠡᠪᠡᠳᠴᠢᠨ ᠪᠠᠶᠢᠵᠤ᠂ ᠨᠢᠭᠡᠨᠲᠡ ᠮᠠᠨ ᠤ ᠤᠯᠤᠰ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠦᠨᠳᠦ ᠨᠣᠴᠢᠲᠠᠶ ᠰᠦᠷᠳᠡᠭᠦᠯᠦᠭᠰᠡᠨ ᠴᠢᠬᠤᠯᠠ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠪᠣᠯᠤᠭᠰᠠᠨ ᠪᠠᠶᠢᠨ᠎ᠠ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠨᠢ ᠤᠯᠤᠰ ᠠᠴᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠠᠰᠠᠭᠤᠳᠠᠯ ᠪᠠ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠦᠨᠳᠦ ᠨᠣᠴᠢᠲᠠᠶ ᠨᠥᠯᠥᠭᠡᠯᠡᠬᠦ ᠭᠤᠤᠯ ᠠᠰᠠᠭᠤᠳᠠᠯ ᠳᠤ ᠴᠢᠭᠯᠡᠭᠦᠯᠦᠨ ᠬᠠᠩᠭᠠᠭᠰᠠᠨ ᠪᠥᠬᠦ ᠠᠷᠠᠳ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠠᠷ ᠲᠦᠷᠦᠭᠦ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠲᠡᠭᠦᠨ ᠤ ᠦᠢᠯᠡᠴᠢᠯᠡᠭᠡ ᠨᠢ ᠤᠳᠠᠭᠠᠨ ᠴᠢᠨᠠᠷᠲᠠᠶ ᠠᠭᠤᠰᠬᠢᠨ ᠡᠪᠡᠳᠴᠢᠨ ᠳᠠᠰᠢ ᠤᠷᠲᠤᠳᠬᠠᠬᠤ ᠴᠢᠬᠤᠯᠠᠲᠠᠶ ᠶᠤᠮ᠃ ᠬᠤᠶᠠᠷ ᠲᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠤᠨ ᠳᠤᠮᠳᠠ ᠤᠳᠠᠭᠠᠨ ᠴᠢᠨᠠᠷᠲᠠᠶ ᠠᠭᠤᠰᠬᠢᠨ ᠡᠪᠡᠳᠴᠢᠲᠡᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠷᠡᠭᠦᠯ ᠮᠡᠨᠳᠦ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠳᠠᠲᠠᠶ ᠠᠷᠭ᠎ᠠ ᠬᠡᠮᠵᠢᠶ᠎ᠡ ᠮᠥᠨ᠃ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019 - 2030 ᠣᠨ︶︾ ᠳᠤ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠨᠠᠶᠢᠳᠠᠪᠤᠷᠢᠵᠢᠭᠤᠯᠵᠤ᠂ ᠤᠳᠠᠭᠠᠨ ᠴᠢᠨᠠᠷᠲᠠᠶ ᠠᠭᠤᠰᠬᠢᠨ ᠤ ᠠᠶᠤᠯ ᠶᠡᠬᠡᠲᠡᠶ ᠬᠥᠮᠦᠰ ᠪᠠ ᠡᠪᠡᠳᠴᠢᠲᠡᠨ ᠳᠤ ᠰᠢᠭᠰᠢᠨ ᠪᠠᠶᠢᠴᠠᠭᠠᠵᠤ ᠵᠢᠭᠠᠨ ᠵᠢᠯᠣᠭᠤᠳᠬᠤ᠂ ᠣᠨᠣᠰᠢᠯᠠᠨ ᠡᠮᠨᠡᠬᠦ᠂ ᠡᠮᠨᠡᠨ ᠵᠠᠰᠠᠬᠤ᠂ ᠳᠠᠭᠠᠵᠤ ᠰᠤᠷᠪᠤᠯᠵᠢᠯᠠᠬᠤ ᠬᠠᠮᠢᠶᠠᠷᠤᠯᠲᠠ᠂ ᠴᠢᠳᠠᠮᠵᠢ ᠶᠢᠨ ᠡᠷᠡᠭᠦᠯᠵᠢᠯ ᠵᠡᠷᠭᠡ ᠪᠥᠬᠦ ᠶᠠᠪᠤᠴᠠ ᠶᠢᠨ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠵᠤ᠂ ᠦᠨᠳᠦᠰᠦᠨ ᠱᠠᠲᠤᠨ ᠤ ᠤᠳᠠᠭᠠᠨ ᠴᠢᠨᠠᠷᠲᠠᠶ ᠠᠭᠤᠰᠬᠢᠨ ᠡᠪᠡᠳᠴᠢᠨ ᠢ ᠡᠷᠲᠡ ᠣᠨᠣᠰᠢᠯᠠᠨ ᠡᠮᠨᠡᠬᠦ ᠨᠣᠷᠮ᠎ᠠ ᠪᠠ ᠵᠢᠷᠤᠮᠵᠢᠭᠰᠠᠨ ᠬᠠᠮᠢᠶᠠᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠳᠤᠷᠠᠳᠪᠠ᠃ ᠭᠤᠷᠪᠠ ᠳᠤ᠂ ᠦᠨᠳᠦᠰᠦᠨ ᠱᠠᠲᠤᠨ ᠤ ᠠᠮᠢᠰᠬᠤᠯ ᠤᠨ ᠵᠠᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠴᠢᠳᠠᠪᠤᠷᠢ ᠠᠯᠬᠤᠮ ᠠᠯᠬᠤᠮ ᠢᠶᠠᠷ ᠳᠡᠭᠡᠭᠰᠢᠯᠡᠪᠡ᠃ 2020 ᠣᠨ ᠳᠤ᠂ ᠬᠢᠵᠢᠭ ᠢ ᠡᠰᠡᠷᠭᠦᠴᠡᠬᠦ ᠤᠯᠤᠰ ᠤᠨ ᠵᠢᠭᠡᠯᠡᠯᠭᠡ ᠶᠢ ᠳᠡᠮᠵᠢᠬᠦ ᠲᠥᠷᠥᠯ ᠵᠦᠢᠯ ᠳᠤ ︽ᠦᠨᠳᠦᠰᠦᠨ ᠱᠠᠲᠤᠨ ᠤ ᠠᠮᠢᠰᠬᠤᠯ ᠤᠨ ᠰᠢᠰᠲ᠋ᠧᠮ ᠤᠨ ᠡᠪᠡᠳᠴᠢᠨ ᠡᠮᠭᠡᠭ ᠢ ᠡᠷᠲᠡ ᠰᠢᠭᠰᠢᠨ ᠪᠠᠶᠢᠴᠠᠭᠠᠵᠤ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ︾ ᠲᠥᠷᠥᠯ ᠵᠦᠢᠯ ᠢ ᠪᠠᠶᠢᠭᠤᠯᠵᠤ᠂ ᠦᠨᠳᠦᠰᠦᠨ ᠱᠠᠲᠤᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠵᠥᠭᠡᠯᠡᠨ ᠬᠠᠲᠠᠭᠤ ᠬᠡᠷᠡᠭᠰᠡᠯ ᠤᠨ ᠳᠡᠮᠵᠢᠯᠭᠡ ᠬᠠᠩᠭᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠭᠰᠡᠨ ᠤ ᠳᠠᠷᠠᠭ᠎ᠠ᠂ ᠪᠥᠬᠦ ᠤᠯᠤᠰ ᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠮᠢᠰᠬᠤᠯ ᠤᠨ ᠰᠢᠰᠲ᠋ᠧᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠦᠢᠯᠡᠳᠦᠯᠭᠡ ᠶᠢᠨ ᠳᠤᠮᠳᠠ ᠳᠡᠭᠡᠭᠰᠢᠯᠡᠭᠦᠯᠪᠡ᠃ ᠡᠭᠦᠨ ᠤ ᠬᠠᠮᠲᠤ᠂ ᠡᠯ᠎ᠡ ᠭᠠᠵᠠᠷ ᠤᠨ ᠤᠳᠠᠭᠠᠨ ᠴᠢᠨᠠᠷᠲᠠᠶ ᠠᠭᠤᠰᠬᠢᠨ ᠡᠪᠡᠳᠴᠢᠲᠡᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠵᠢᠷᠤᠮᠵᠢᠭᠤᠯᠤᠨ ᠥᠷᠨᠢᠭᠦᠯᠬᠦ ᠶᠢ ᠵᠢᠯᠣᠭᠤᠳᠬᠤ ᠶᠢᠨ ᠲᠥᠯᠥᠭᠡ ᠪᠠᠰᠠ ᠦᠢᠯᠡᠴᠢᠯᠡᠭᠡᠨ ᠤ ᠵᠢᠷᠤᠮᠵᠢᠯ ᠢ ᠢᠵᠢ ᠪᠥᠷᠢᠳᠦᠭᠦᠯᠦᠨ ᠨᠡᠶᠢᠲᠡᠯᠡᠪᠡ᠃ ᠡᠭᠦᠨ ᠠᠴᠠ ᠭᠠᠳᠠᠨ᠎ᠠ᠂ ᠤᠳᠠᠭᠠᠨ ᠴᠢᠨᠠᠷᠲᠠᠶ ᠠᠭᠤᠰᠬᠢᠨ ᠡᠪᠡᠳᠴᠢᠨ ᠨᠢ ᠲᠥᠯᠥᠭᠡᠯᠡᠬᠦ ᠴᠢᠨᠠᠷᠲᠠᠶ ᠠᠮᠢᠰᠬᠤᠯ ᠤᠨ ᠡᠪᠡᠳᠴᠢᠨ ᠪᠣᠯᠤᠭᠰᠠᠨ ᠤ ᠬᠤᠪᠢ ᠳᠤ᠂ ᠦᠨᠳᠦᠰᠦᠨ ᠱᠠᠲᠤᠨ ᠤ ᠤᠳᠠᠭᠠᠨ ᠴᠢᠨᠠᠷᠲᠠᠶ ᠡᠪᠡᠳᠴᠢᠨ ᠤ ᠡᠷᠡᠭᠦᠯ ᠮᠡᠨᠳᠦ ᠶᠢᠨ ᠦᠢᠯᠡᠴᠢᠯᠡᠭᠡᠨ ᠤ ᠠᠭᠤᠯᠭ᠎ᠠ ᠳᠤ ᠣᠷᠣᠭᠤᠯᠵᠤ᠂ ᠪᠠᠶᠢᠩᠭᠤ ᠲᠣᠬᠢᠶᠠᠯᠳᠤᠳᠠᠭ ᠵᠢᠴᠢ ᠭᠡᠨᠡᠳᠲᠡ ᠡᠭᠦᠰᠬᠦ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠪᠠ ᠠᠷᠭᠠᠴᠠᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠬᠦ ᠪᠥᠭᠡᠳ ᠪᠠᠰᠠ ︽ᠬᠢᠵᠢᠭ ᠤᠨ ᠪᠠᠶᠢᠳᠠᠯ ᠢ ᠤᠶᠠᠯᠳᠤᠭᠤᠯᠬᠤ︾ ᠶᠢ ᠳᠥᠯᠭᠢᠨ ᠠᠬᠢᠭᠤᠯᠵᠤ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠰᠢᠭᠲᠠᠶ ᠲᠤᠷᠰᠢᠯᠭ᠎ᠠ ᠶᠢ ᠪᠠᠬᠢᠵᠢᠭᠦᠯᠬᠦ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃  ᠳᠥᠷᠪᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠤ ᠠᠵᠢᠯᠯᠠᠭ᠎ᠠ ᠶᠢ ᠡᠬᠢᠯᠡᠭᠦᠯᠵᠦ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠳᠤ ᠰᠠᠭᠤᠭᠠᠯᠢ ᠠᠷᠠᠳ ᠤᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢ ᠬᠡᠷᠬᠢᠨ ᠴᠢᠩᠭᠠᠳᠬᠠᠬᠤ ᠪᠣᠶ︖    ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠪᠣᠯ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠤᠮᠳᠠᠬᠢ ᠡᠷᠡᠭᠦᠯ ᠮᠡᠨᠳᠦ ᠶᠢᠨ ᠬᠥᠮᠦᠵᠢᠯ᠂ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠬᠤᠯᠠ ᠠᠭᠤᠯᠭ᠎ᠠ ᠪᠣᠯᠤᠨ᠎ᠠ᠃ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠮᠡᠳᠡᠭᠳᠡᠯ︾ ᠢ ᠭᠤᠤᠯᠳᠠᠭᠤ ᠬᠤᠶᠠᠷ ᠲᠠᠯ᠎ᠠ ᠪᠠᠷ ᠪᠠᠶᠢᠷᠢᠯᠠᠭᠤᠯᠵᠤ᠂ ᠨᠢᠭᠡ ᠳᠤ ᠰᠠᠭᠤᠭᠠᠯᠢ ᠠᠷᠠᠳ ᠲᠤ ᠥᠷᠭᠡᠨ ᠳᠡᠯᠭᠡᠷ ᠤᠬᠠᠭᠤᠯᠭ᠎ᠠ ᠬᠢᠵᠦ᠂ ᠵᠦᠶ ᠵᠣᠬᠢᠰᠲᠠᠶ ᠬᠤᠭᠤᠯᠠ ᠤᠮᠳᠠ᠂ ᠲᠡᠩᠴᠡᠭᠦᠷᠢᠲᠡᠶ ᠰᠢᠮ᠎ᠡ ᠲᠡᠵᠢᠭᠡᠯ᠂ ᠵᠣᠬᠢᠬᠤ ᠬᠡᠮᠵᠢᠶᠡᠨ ᠤ ᠬᠥᠳᠡᠯᠭᠡᠭᠡᠨ ᠵᠡᠷᠭᠡ ᠶᠢ ᠡᠷᠡᠭᠦᠯ ᠮᠡᠨᠳᠦ ᠶᠢᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠰᠠᠭᠤᠭᠠᠯᠢ ᠠᠷᠠᠳ ᠤᠨ ᠪᠡᠶ᠎ᠡ ᠶᠢᠨ ᠬᠦᠨᠳᠦ ᠶᠢᠨ ᠤᠬᠠᠮᠰᠠᠷ ᠢ ᠰᠠᠨᠠᠭᠠᠴᠢᠯᠠᠭ᠎ᠠ ᠠᠴᠠ ᠪᠠᠨ ᠡᠵᠡᠮᠳᠡᠨ᠎ᠡ᠃ ᠬᠤᠶᠠᠷ ᠲᠤ᠂ 0 ~ 6 ᠨᠠᠰᠤᠨ ᠤ ᠬᠡᠤᠬᠡᠳ᠂ ᠵᠢᠷᠮᠦᠰᠦᠨ ᠡᠮᠡᠭᠲᠡᠶ᠂ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠵᠢᠴᠢ ᠴᠢᠰᠤᠨ ᠳᠠᠷᠤᠯᠲᠠ ᠥᠨᠳᠥᠷ᠂ 2 ᠬᠡᠯᠪᠡᠷᠢ ᠶᠢᠨ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠶ ᠠᠭᠤᠰᠬᠢᠨ ᠡᠪᠡᠳᠴᠢᠨ ᠵᠡᠷᠭᠡ ᠤᠳᠠᠭᠠᠨ ᠴᠢᠨᠠᠷᠲᠠᠶ ᠡᠪᠡᠳᠴᠢᠲᠡᠨ ᠢ ᠪᠠᠭᠲᠠᠭᠠᠭᠰᠠᠨ ᠥᠪᠡᠷᠮᠢᠴᠡ ᠯᠠᠪᠯᠠᠭ᠎ᠠ᠂ ᠵᠢᠯᠣᠭᠤᠳᠣᠯᠭ᠎ᠠ ᠪᠠ ᠵᠢᠭᠠᠨ ᠵᠢᠯᠣᠭᠤᠳᠬᠤ ᠦᠢᠯᠡᠴᠢᠯᠡᠭᠡ ᠶᠢ ᠴᠢᠩᠭᠠᠳᠬᠠᠨ᠎ᠠ᠃    ᠲᠠᠪᠤ᠂ ᠨᠠᠰᠤᠲᠠᠶᠢᠴᠤᠳ ᠪᠠ ᠤᠳᠠᠭᠠᠨ ᠴᠢᠨᠠᠷᠲᠠᠶ ᠡᠪᠡᠳᠴᠢᠲᠡᠨ ᠳᠤ ᠲᠥᠷᠥᠯ ᠬᠤᠪᠢᠶᠠᠨ ᠲᠠᠰ ᠬᠤᠪᠢᠶᠠᠨ ᠡᠷᠡᠭᠦᠯ ᠮᠡᠨᠳᠦ ᠶᠢᠨ ᠦᠢᠯᠡᠴᠢᠯᠡᠭᠡ ᠬᠡᠷᠬᠢᠨ ᠥᠷᠨᠢᠭᠦᠯᠬᠦ ᠪᠣᠶ︖    ᠨᠢᠭᠡ ᠳᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠳᠤ ᠴᠢᠰᠤᠨ ᠳᠠᠷᠤᠯᠲᠠ ᠪᠠ ᠴᠢᠰᠤᠨ ᠰᠢᠬᠢᠷ ᠤᠨ ᠬᠡᠪ ᠤᠨ ᠪᠤᠰᠤ ᠪᠠᠶᠢᠳᠠᠯ ᠢ ᠢᠯᠡᠷᠡᠭᠦᠯᠦᠭᠰᠡᠨ ᠪᠠᠶᠢᠪᠠᠯ᠂ ᠣᠨᠣᠰᠢᠯᠠᠭᠰᠠᠨ ᠤ ᠳᠠᠷᠠᠭ᠎ᠠ ᠴᠠᠭ ᠲᠤᠬᠠᠶ ᠳᠤᠨᠢ ᠤᠳᠠᠭᠠᠨ ᠴᠢᠨᠠᠷᠲᠠᠶ ᠡᠪᠡᠳᠴᠢᠲᠡᠨ ᠤ ᠡᠷᠡᠭᠦᠯ ᠮᠡᠨᠳᠦ ᠶᠢᠨ ᠦᠢᠯᠡᠴᠢᠯᠡᠭᠡ ᠳᠤ  ᠤᠷᠤᠭᠤᠯᠤᠨ᠎ᠠ᠃ ᠪᠡᠶ᠎ᠡ ᠶᠢᠨ ᠪᠠᠶᠢᠴᠠᠭᠠᠯᠲᠠ ᠶᠢᠨ ᠳᠤᠮᠳᠠ ᠪᠡᠶ᠎ᠡ ᠶᠢᠨ ᠬᠦᠨᠳᠦ ᠨᠢ ᠬᠡᠪ ᠤᠨ ᠪᠤᠰᠤ ᠪᠤᠶᠤ ᠪᠤᠰᠤᠳ ᠰᠠᠭᠤᠷᠢ ᠡᠪᠡᠳᠴᠢᠨ ᠲᠠᠢ ᠨᠠᠰᠤᠲᠠᠶᠢᠴᠤᠳ ᠢ ᠣᠯᠵᠤ ᠮᠡᠳᠡᠪᠡᠯ᠂ ᠬᠠᠷᠢᠯᠴᠠᠬᠤ ᠤᠳᠠᠭ᠎ᠠ ᠶᠢ ᠵᠣᠬᠢᠰᠲᠠᠶ ᠨᠡᠮᠡᠭᠳᠡᠭᠦᠯᠵᠦ᠂ ᠡᠷᠡᠭᠦᠯ ᠮᠡᠨᠳᠦ ᠶᠢᠨ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠵᠤ᠂ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢᠨ ᠵᠥᠪᠯᠡᠯᠭᠡ ᠬᠠᠩᠭᠠᠵᠤ᠂ ᠰᠢᠯᠵᠢᠭᠦᠯᠦᠨ ᠡᠮᠨᠡᠭᠦᠯᠬᠦ ᠵᠡᠷᠭᠡ ᠶᠢ ᠵᠢᠯᠣᠭᠤᠳᠤᠨ᠎ᠠ᠃ ᠬᠤᠶᠠᠷ ᠲᠤ᠂ ᠡᠪᠡᠳᠴᠢᠲᠡᠨ ᠳᠤ ︽ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠢᠷᠤᠮᠵᠢᠯ︾᠂ ︽ᠤᠯᠤᠰ ᠤᠨ ᠦᠨᠳᠦᠰᠦᠨ ᠱᠠᠲᠤᠨ ᠤ ᠴᠢᠰᠤᠨ ᠳᠠᠷᠤᠯᠲᠠ ᠥᠨᠳᠥᠷ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠵᠦᠭᠯᠡᠭᠦᠷ︾ ᠪᠣᠯᠤᠨ ︽ᠤᠯᠤᠰ ᠤᠨ ᠦᠨᠳᠦᠰᠦᠨ ᠱᠠᠲᠤᠨ ᠤ ᠰᠢᠬᠢᠷ ᠰᠢᠵᠢᠩ ᠡᠪᠡᠳᠴᠢᠨ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠵᠦᠭᠯᠡᠭᠦᠷ︾ ᠵᠡᠷᠭᠡ ᠦᠢᠯᠡᠴᠢᠯᠡᠭᠡ  ᠬᠠᠩᠭᠠᠨ᠎ᠠ᠃ ᠡᠪᠡᠳᠴᠢᠨ ᠤ ᠪᠠᠶᠢᠳᠠᠯ ᠨᠢ ᠲᠣᠭᠲᠠᠭᠤᠨ ᠪᠤᠰᠤ ᠵᠢᠴᠢ ᠬᠦᠨᠳᠦ ᠨᠣᠴᠢᠲᠠᠶ ᠳᠠᠪᠬᠤᠴᠠᠭᠰᠠᠨ ᠡᠪᠡᠳᠴᠢᠨ ᠳᠤ ᠨᠡᠷᠪᠡᠭᠳᠡᠭᠰᠡᠳ ᠲᠤ ᠦᠢᠯᠡᠴᠢᠯᠡᠭᠡᠨ ᠤ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠳᠠᠭᠠᠵᠤ ᠰᠤᠷᠪᠤᠯᠵᠢᠯᠠᠬᠤ ᠤᠳᠠᠭ᠎ᠠ ᠶᠢ ᠨᠡᠮᠡᠭᠳᠡᠭᠦᠯᠦᠨ᠎ᠡ᠃ ᠭᠤᠷᠪᠠ ᠳᠤ᠂ ᠡᠯ᠎ᠡ ᠭᠠᠵᠠᠷ ᠤᠨ ᠬᠢᠨ ᠤ ᠣᠯᠠᠨ ᠵᠦᠢᠯ ᠤᠨ ᠤᠵᠢᠭ ᠡᠪᠡᠳᠴᠢᠲᠡᠨ ᠳᠤ ᠬᠠᠮᠲᠤ ᠪᠠᠷ ᠰᠡᠷᠭᠡᠶᠢᠯᠡᠵᠦ ᠬᠠᠮᠲᠤ ᠪᠠᠷ ᠬᠠᠮᠢᠶᠠᠷᠬᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠳᠤ ᠲᠦᠰᠢᠭᠯᠡᠨ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠰᠡᠳ ᠤᠨ ᠳᠠᠭᠠᠵᠤ ᠰᠤᠷᠪᠤᠯᠵᠢᠯᠠᠬᠤ ᠦᠢᠯᠡᠴᠢᠯᠡᠭᠡᠨ ᠤ ᠮᠡᠳᠡᠭᠡ ᠵᠠᠩᠭᠢ ᠶᠢᠨ ᠬᠦᠰᠦᠨᠦᠭᠲᠦ ᠶᠢ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠤ ᠳᠠᠷᠤᠭᠠᠰᠤ ᠶᠢ ᠬᠥᠩᠭᠡᠷᠡᠭᠦᠯᠦᠨ᠎ᠡ᠃    ᠵᠢᠷᠭᠤᠭ᠎ᠠ᠂ ᠡᠨᠡ ᠵᠢᠯ ᠠᠮᠵᠢᠯᠲᠠ ᠪᠦᠲᠦᠮᠵᠢ ᠶᠢ ᠦᠨᠡᠯᠡᠬᠦ ᠲᠠᠯ᠎ᠠ ᠪᠠᠷ ᠶᠠᠮᠠᠷ ᠶᠠᠮᠠᠷ ᠱᠠᠭᠠᠷᠳᠠᠯᠭ᠎ᠠ ᠪᠠᠶᠢᠬᠤ ᠪᠤᠢ︖    ᠠᠮᠵᠢᠯᠲᠠ ᠪᠦᠲᠦᠮᠵᠢ ᠶᠢ ᠦᠨᠡᠯᠡᠬᠦ ᠤᠳᠤᠷᠢᠳᠤᠮᠵᠢ ᠶᠢᠨ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠵᠤ ᠂ ᠦᠨᠡᠯᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠤᠶᠤᠨᠴᠢᠯᠠᠭᠰᠠᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠨ᠂ ᠨᠡᠪᠲᠡᠯᠬᠦ ᠮᠠᠶ᠋ᠢᠭ ᠤᠨ ᠬᠢᠨᠠᠯᠲᠠ ᠬᠠᠮᠢᠶᠠᠷᠤᠯᠲᠠ ᠶᠢ ᠠᠬᠢᠭᠤᠯᠵᠤ᠂ ᠰᠦᠯᠵᠢᠶᠡᠨ ᠳᠡᠭᠡᠷ᠎ᠡ ᠦᠨᠡᠯᠡᠬᠦ ᠬᠠᠮᠤᠷᠬᠤ ᠬᠡᠪᠴᠢᠶ᠎ᠡ ᠶᠢ ᠥᠷᠭᠡᠳᠬᠡᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠤᠨ ᠬᠠᠮᠢᠶᠠᠷᠤᠯᠲᠠ ᠪᠠ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠦᠢᠯᠡᠴᠢᠯᠡᠭᠡ ᠵᠡᠷᠭᠡ ᠶᠢ ᠦᠨᠡᠯᠡᠬᠦ ᠭᠤᠤᠯᠳᠠᠯᠭ᠎ᠠ ᠲᠠᠢ ᠠᠭᠤᠯᠭ᠎ᠠ ᠪᠣᠯᠭᠠᠵᠤ᠂ ᠡᠷᠡᠭᠦᠯ ᠮᠡᠨᠳᠦ ᠶᠢᠨ ᠦᠷ᠎ᠡ ᠳ᠋ᠦᠩ᠂ ᠲᠥᠷᠥᠯ ᠵᠦᠢᠯ ᠤᠨ ᠦᠷ᠎ᠡ ᠪᠦᠲᠦᠮᠵᠢ ᠶᠢ ᠦᠨᠡᠯᠡᠬᠦ ᠶᠢ ᠴᠢᠩᠭᠠᠳᠬᠠᠨ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠷᠠᠳ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号