︽ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ | ᠠᠷᠭ᠎ᠠ︾ ᠶᠢᠨ ᠲᠠᠶᠢᠯᠤᠮᠵᠢ | ᠢᠷᠡᠯᠲᠡ᠄ ᠤᠯᠤᠰ ᠤᠨ ᠨᠢᠭᠤᠴᠠ ᠨᠤᠮᠧᠷ ᠤᠨ ᠲᠣᠪᠴᠢᠶ᠎ᠠ ᠶᠢᠨ ᠰᠦᠯᠵᠢᠶ᠎ᠡ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠤᠴᠠ ᠨᠣᠮᠧᠷ ᠤᠨ ᠬᠠᠤᠯᠢ︾ ︵ᠳᠣᠷᠣᠭᠰᠢ ︽ | ᠨᠢᠭᠤᠴᠠ ᠨᠣᠮᠧᠷ ᠤᠨ ᠬᠠᠤᠯᠢ︾ ᠭᠡᠵᠦ ᠲᠣᠪᠴᠢᠯᠠᠨ᠎ᠠ︶᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠡᠯᠧᠺᠲᠷᠣᠨ ᠭᠠᠷ ᠤᠨ ᠥᠰᠥᠭ ᠵᠢᠷᠤᠬᠤ ᠬᠠᠤᠯᠢ︾ ︵ᠳᠣᠷᠣᠭᠰᠢ ︽ᠡᠯᠧᠺᠲᠷᠣᠨ ᠭᠠᠷ ᠤᠨ ᠥᠰᠥᠭ | ᠵᠢᠷᠤᠬᠤ ᠬᠠᠤᠯᠢ︾ ᠭᠡᠵᠦ ᠲᠣᠪᠴᠢᠯᠠᠨ᠎ᠠ︶ ᠪᠠ ︽ᠬᠤᠳᠠᠯᠳᠤᠭᠠᠨ ᠤ ᠨᠢᠭᠤᠴᠠ ᠨᠣᠮᠧᠷ ᠤᠨ ᠬᠠᠮᠢᠶᠠᠷᠤᠯᠲᠠ ᠶᠢᠨ | ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ᠂ ᠤᠯᠤᠰ ᠤᠨ ᠨᠢᠭᠤᠴᠠ ᠨᠣᠮᠧᠷ ᠤᠨ ᠬᠠᠮᠢᠶᠠᠷᠤᠯᠲᠠ ᠶᠢᠨ ᠲᠣᠪᠴᠢᠶ᠎ᠠ ᠠᠴᠠ ︽ᠡᠯᠧᠺᠲᠷᠣᠨ | ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ︵ | ᠤᠯᠤᠰ ᠤᠨ ᠨᠢᠭᠤᠴᠠ ᠨᠣᠮᠧᠷ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷᠯᠢᠭ 4 ᠳ᠋ᠦ᠋ᠭᠡᠷ ᠲᠣᠭᠠᠲᠤ︶ ︵ | ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠰᠤᠳᠤᠯᠤᠨ ᠲᠣᠭᠲᠠᠭᠠᠵᠤ᠂ ᠡᠳᠦᠭᠡ ︽ᠠᠷᠭ᠎ᠠ︾ ᠶᠢᠨ | ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠠ᠃ | ᠨᠢᠭᠡ᠂ ᠲᠣᠭᠲᠠᠭᠠᠭᠰᠠᠨ ᠴᠢᠬᠤᠯᠠ ᠴᠢᠨᠠᠷ | ︵ᠨᠢᠭᠡ︶ ︽ᠠᠷᠭ᠎ᠠ︾ ᠶᠢ ᠲᠣᠭᠲᠠᠭᠠᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠲᠤᠬᠠᠶ ᠰᠢᠢᠳᠪᠤᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠵᠠᠶᠢᠯᠠᠰᠢ ᠥᠬᠡᠶ | ᠱᠠᠭᠠᠷᠳᠠᠯᠭ᠎ᠠ ᠮᠥᠨ᠃ ︽ᠨᠢᠭᠤᠴᠠ ᠨᠣᠮᠧᠷ ᠤᠨ ᠬᠠᠤᠯᠢ︾ ᠶᠢᠨ ᠬᠤᠷᠢ ᠶᠢᠰᠦᠳᠦᠭᠡᠷ ᠵᠦᠢᠯ ᠳᠤ ︽ᠤᠯᠤᠰ ᠤᠨ | ᠨᠢᠭᠤᠴᠠ ᠨᠤᠮᠧᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠳᠠᠯᠳᠤᠭᠠᠨ ᠳᠤ ᠬᠡᠷᠡᠭᠯᠡᠬᠦ ᠨᠢᠭᠤᠴᠠ | ᠨᠤᠮᠧᠷ ᠤᠨ ᠮᠡᠷᠭᠡᠵᠢᠯ ᠢ ᠬᠡᠷᠡᠭᠯᠡᠨ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠭᠡ ᠶᠢᠨ | ᠦᠢᠯᠡᠴᠢᠯᠡᠭᠡ ᠡᠷᠬᠢᠯᠡᠬᠦ ᠪᠠᠶᠢᠭᠤᠯᠤᠮᠵᠢ ᠶᠢ ᠮᠠᠭᠠᠳᠯᠠᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠵᠠᠰᠠᠭ ᠤᠨ ᠶᠠᠪᠤᠳᠠᠯ ᠤᠨ ᠠᠵᠢᠯᠯᠠᠭ᠎ᠠ ᠶᠢᠨ ᠳᠤᠮᠳᠠ ᠡᠯᠧᠺᠲᠷᠣᠨ ᠭᠠᠷ ᠤᠨ ᠦᠰᠦᠭ ᠵᠢᠷᠤᠬᠤ᠂ ᠳ᠋ᠠᠶᠢᠲ᠋ᠠ | ᠴᠠᠬᠢᠯᠭᠠᠨ ᠪᠢᠴᠢᠭ ᠢ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠬᠤ︾ ᠱᠠᠭᠠᠷᠳᠠᠯᠭ᠎ᠠ ᠶᠢ ᠲᠣᠳᠣᠷᠬᠠᠢ ᠳᠤᠷᠠᠳᠤᠨ | ᠭᠠᠷᠭᠠᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾ ᠤᠨ ᠬᠤᠷᠢᠨ ᠳᠥᠷᠪᠡᠳᠦᠭᠡᠷ ᠵᠦᠢᠯ ᠳᠤ᠄ ︽ | ᠬᠤᠳᠠᠯᠳᠤᠭᠠᠨ ᠤ ᠬᠡᠷᠡᠭᠯᠡᠭᠡᠨ ᠤ ᠨᠢᠭᠤᠴᠠ ᠨᠣᠮᠧᠷ ᠤᠨ ᠮᠡᠷᠭᠡᠵᠢᠯ ᠢ ᠬᠡᠷᠡᠭᠯᠡᠨ ᠡᠯᠧᠺᠲᠷᠣᠨ ᠵᠠᠰᠠᠭ ᠤᠨ ᠶᠠᠪᠤᠳᠠᠯ ᠤᠨ | ᠡᠯᠧᠺᠲᠷᠣᠨ ᠭᠡᠷᠡᠴᠢᠯᠡᠯ ᠤᠨ ᠦᠢᠯᠡᠴᠢᠯᠡᠭᠡ ᠬᠢᠵᠦ ᠪᠠᠶᠢᠭ᠎ᠠ ᠪᠠᠶᠢᠭᠤᠯᠤᠮᠵᠢ ᠨᠢ ᠤᠯᠤᠰ ᠤᠨ ᠨᠢᠭᠤᠴᠠ ᠨᠣᠮᠧᠷ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠮᠠᠭᠠᠳᠯᠠᠨ ᠲᠣᠭᠲᠠᠭᠠᠯᠭᠠᠵᠤ᠂ ᠡᠯᠧᠺᠲᠷᠣᠨ ᠵᠠᠰᠠᠭ ᠤᠨ ᠶᠠᠪᠤᠳᠠᠯ ᠤᠨ | ᠡᠯᠧᠺᠲᠷᠣᠨ ᠭᠡᠷᠡᠴᠢᠯᠡᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠷᠢ ᠬᠡᠮ ᠢ ᠬᠠᠤᠯᠢ ᠶᠣᠰᠣᠭᠠᠷ ᠤᠯᠬᠤ | ᠬᠡᠷᠡᠭᠲᠡᠶ︾ ᠭᠡᠵᠦ ᠲᠣᠭᠲᠠᠭᠠᠵᠠᠶ᠃ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠢ ᠪᠦᠲᠦᠮᠵᠢᠲᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠲᠡᠮᠳᠡᠭ ᠢ | ᠬᠠᠤᠯᠢ ᠶᠣᠰᠣᠭᠠᠷ ᠬᠠᠮᠢᠶᠠᠷᠬᠤ ᠱᠠᠭᠠᠷᠳᠠᠯᠭ᠎ᠠ ᠶᠣᠰᠣᠭᠠᠷ᠂ ︽ᠠᠷᠭ᠎ᠠ︾ ᠶᠢ ᠲᠣᠭᠲᠠᠭᠠᠵᠤ᠂ ᠡᠯᠧᠺᠲᠷᠣᠨ | ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠴᠢᠬᠤᠯᠠᠲᠠᠶ᠃ | ︵ᠬᠤᠶᠠᠷ︶ ︽ᠠᠷᠭ᠎ᠠ︾ ᠶᠢ ᠲᠣᠭᠲᠠᠭᠠᠬᠤ ᠪᠣᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠴᠢᠬᠤᠯᠠ ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠤᠳ ᠲᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠣᠭᠤᠷᠢᠨ ᠳᠤ ᠠᠯᠢ ᠣᠯᠠᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠲᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ︽ᠠᠷᠭ᠎ᠠ︾ | ᠶᠢ ᠲᠣᠭᠲᠠᠭᠠᠵᠤ᠂ ᠬᠢᠨᠠᠨ ᠵᠥᠪᠰᠢᠶᠡᠷᠡᠬᠦ ᠨᠥᠬᠦᠴᠡᠯ ᠢ ᠲᠣᠳᠣᠷᠬᠠᠶᠢᠯᠠᠨ᠂ ᠬᠢᠨᠠᠨ ᠵᠥᠪᠰᠢᠶᠡᠷᠡᠬᠦ ᠶᠠᠪᠤᠴᠠ ᠶᠢ | ᠰᠢᠯᠢᠳᠡᠭᠵᠢᠭᠦᠯᠵᠦ᠂ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠡᠯᠧᠺᠲᠷᠣᠨ ᠵᠠᠰᠠᠭ ᠤᠨ ᠶᠠᠪᠤᠳᠠᠯ ᠤᠨ | ᠠᠮᠤᠷ ᠲᠦᠪᠰᠢᠨ ᠨᠠᠶᠢᠳᠠᠪᠤᠷᠢᠲᠠᠶ ᠪᠠᠶᠢᠬᠤ ᠶᠢ ᠪᠠᠲᠤᠯᠠᠨ᠂ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ | ᠭᠡᠷᠡᠴᠢᠯᠡᠭᠡ ᠶᠢᠨ ᠦᠢᠯᠡᠴᠢᠯᠡᠭᠡᠨ ᠤ ᠬᠤᠯᠪᠣᠭᠳᠠᠯ ᠪᠥᠬᠦᠶ ᠡᠯ᠎ᠡ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠂ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠴᠡᠪᠡᠷᠰᠢᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠰᠢᠯᠢᠳᠡᠭᠵᠢᠭᠦᠯᠦᠨ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠳᠤ | ᠬᠠᠤᠯᠢ ᠪᠠᠷ ᠵᠠᠰᠠᠬᠤ ᠪᠠᠲᠤᠯᠠᠭ᠎ᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠬᠤ ᠴᠢᠬᠤᠯᠠᠲᠠᠶ᠃ | ︵ᠭᠤᠷᠪᠠ︶ ︽ᠠᠷᠭ᠎ᠠ︾ ᠶᠢ ᠲᠣᠭᠲᠠᠭᠠᠬᠤ ᠪᠣᠯ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ | ᠭᠡᠷᠡᠴᠢᠯᠡᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠤᠯᠭᠠᠮ᠎ᠠ | ᠬᠡᠷᠡᠭᠴᠡᠭᠡ ᠮᠥᠨ᠃ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡᠨ ᠤ | ᠦᠢᠯᠡᠰ ᠤᠨ ᠦᠷᠭᠦᠯᠵᠢᠯᠡᠨ ᠬᠥᠭᠵᠢᠬᠦ ᠶᠢ ᠳᠠᠭᠠᠯᠳᠤᠨ᠂ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ | ᠭᠡᠷᠡᠴᠢᠯᠡᠭᠡ ᠶᠢᠨ ᠦᠢᠯᠡᠴᠢᠯᠡᠭᠡᠨ ᠤ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠢᠯᠡᠳᠲᠡ ᠨᠡᠮᠡᠭᠳᠡᠵᠦ᠂ ᠡᠯᠧᠺᠲᠷᠣᠨ | ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡᠨ ᠡᠷᠬᠢᠯᠡᠵᠦ ᠪᠠᠶᠢᠭ᠎ᠠ ᠪᠠᠶᠢᠭᠤᠯᠤᠮᠵᠢ ᠡᠳᠦᠷ | ᠢᠷᠡᠬᠦᠶ᠎ᠡ ᠨᠡᠮᠡᠭᠳᠡᠵᠦ᠂ ᠲᠤᠰᠬᠠᠶ ᠳᠦᠷᠢᠮ ᠲᠣᠭᠲᠠᠭᠠᠯ ᠲᠣᠭᠲᠠᠭᠠᠵᠤ ᠡᠯᠧᠺᠲᠷᠣᠨ ᠵᠠᠰᠠᠭ ᠤᠨ ᠶᠠᠪᠤᠳᠠᠯ ᠤᠨ | ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ | ᠠᠯᠬᠤᠮ ᠵᠢᠷᠤᠮᠵᠢᠭᠤᠯᠬᠤ ᠴᠢᠬᠤᠯᠠᠲᠠᠶ ᠪᠠᠶᠢᠨ᠎ᠠ᠃ ︽ᠠᠷᠭ᠎ᠠ︾ ᠨᠢ ᠡᠯᠧᠺᠲᠷᠣᠨ ᠵᠠᠰᠠᠭ ᠤᠨ ᠶᠠᠪᠤᠳᠠᠯ ᠤᠨ | ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠣᠳᠠᠲᠤ ᠬᠡᠷᠡᠭᠴᠡᠭᠡ ᠶᠢ ᠦᠨᠳᠦᠰᠦᠯᠡᠨ᠂ | ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ᠂ | ᠠᠵᠢᠯᠯᠠᠭᠠᠨ ᠤ ᠵᠢᠷᠤᠮᠵᠢᠯ᠂ ᠬᠢᠨᠠᠯᠲᠠ ᠬᠠᠮᠢᠶᠠᠷᠤᠯᠲᠠ ᠵᠡᠷᠭᠡ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ | ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠬ᠎ᠠ | ᠳᠡᠯᠭᠡᠭᠦᠷ ᠲᠤ ᠵᠥᠪᠰᠢᠶᠡᠷᠡᠨ ᠣᠷᠣᠭᠤᠯᠬᠤ ᠵᠢᠴᠢ ᠠᠵᠢᠯ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠬᠤ᠂ ᠡᠯᠧᠺᠲᠷᠣᠨ | ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡᠨ ᠤ ᠠᠵᠢᠯ ᠲᠥᠷᠥᠯ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ᠶᠡᠷᠦᠩᠬᠡᠶ ᠰᠡᠳᠬᠢᠴᠡ | ︽ᠠᠷᠭ᠎ᠠ︾ ᠶᠢ ᠲᠣᠭᠲᠠᠭᠠᠬᠤ ᠳᠤ ᠭᠤᠤᠯᠳᠠᠭᠤ ᠳᠣᠤᠷᠠᠬᠢ ᠭᠤᠷᠪᠠᠨ ᠲᠠᠯ᠎ᠠ ᠶᠢᠨ ᠰᠡᠳᠬᠢᠮᠵᠢ ᠶᠢ ᠢᠯᠡᠷᠡᠭᠦᠯᠵᠡᠶ | ᠄ | ︵ᠨᠢᠭᠡ︶ ᠬᠠᠤᠯᠢ ᠶᠣᠰᠣᠭᠠᠷ ᠬᠠᠮᠢᠶᠠᠷᠬᠤ ᠶᠢ ᠪᠠᠷᠢᠮᠲᠠᠯᠠᠨ᠎ᠠ᠃ ︽ᠨᠢᠭᠤᠴᠠ ᠨᠣᠮᠧᠷ ᠤᠨ ᠬᠠᠤᠯᠢ︾᠂ ︽ | ᠡᠯᠧᠺᠲᠷᠣᠨ ᠭᠠᠷ ᠤᠨ ᠥᠰᠥᠭ ᠵᠢᠷᠤᠬᠤ ᠬᠠᠤᠯᠢ︾ ᠪᠠ ︽ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠤᠴᠠ ᠲᠡᠮᠳᠡᠭ ᠤᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ | ᠭᠡᠷᠡᠴᠢᠯᠡᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠨᠥᠬᠦᠴᠡᠯ ᠪᠠ ᠲᠠᠰ | ᠳᠠᠷᠠᠭᠠᠯᠠᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ | ︵ᠬᠤᠶᠠᠷ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠎ᠠ᠃ ᠰᠢᠨ᠎ᠡ ᠪᠠᠶᠢᠳᠠᠯ ᠰᠢᠨ᠎ᠡ | ᠠᠰᠠᠭᠤᠳᠠᠯ ᠢ ᠣᠨᠣᠪᠴᠢᠲᠠᠢ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠨᠤᠲᠠᠯᠠᠬᠤ ᠶᠢ ᠭᠦᠨᠵᠡᠭᠡᠶᠢᠷᠡᠭᠦᠯᠵᠦ᠂ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠢ ᠪᠠᠷ ᠲᠡᠭᠦᠯᠳᠡᠷᠵᠢᠭᠦᠯᠵᠦ᠂ ᠲᠦᠷᠢᠮ ᠤᠨ | ᠬᠤᠭᠤᠰᠣᠨ ᠢ ᠨᠥᠬᠦᠪᠥᠷᠢᠯᠡᠵᠦ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ | ︵ᠭᠤᠷᠪᠠ︶ ᠬᠢᠨᠠᠯᠲᠠ ᠬᠠᠮᠢᠶᠠᠷᠤᠯᠲᠠ ᠶᠢᠨ ᠳᠦᠷᠢᠮ ᠳᠤ ᠰᠢᠨ᠎ᠡ ᠶᠢ ᠡᠭᠦᠳᠦᠨ᠎ᠡ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠥᠪᠰᠢᠶᠡᠷᠡᠨ | ᠣᠷᠣᠭᠤᠯᠬᠤ ᠨᠥᠬᠦᠴᠡᠯ ᠪᠠ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠨ᠂ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠡᠷᠬᠡ ᠠᠰᠢᠭ᠂ ᠡᠭᠦᠷᠭᠡ ᠪᠠ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠬᠡᠷᠡᠭ ᠤᠨ | ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | ᠭᠤᠷᠪᠠ᠂ ᠭᠤᠣᠯ ᠠᠭᠤᠯᠭ᠎ᠠ | ︽ᠠᠷᠭ᠎ᠠ︾ ᠶᠢ ᠶᠡᠷᠦᠩᠬᠡᠶ ᠲᠦᠷᠢᠮ᠂ ᠬᠢᠷᠢ ᠬᠡᠮ ᠢ ᠮᠠᠭᠠᠳᠯᠠᠨ ᠲᠣᠭᠲᠠᠭᠠᠬᠤ᠂ ᠦᠢᠯᠡ ᠠᠵᠢᠯᠯᠠᠭ᠎ᠠ ᠶᠢᠨ | ᠵᠢᠷᠤᠮᠵᠢᠯ᠂ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠ ᠳᠠᠭᠠᠯᠳᠤᠭᠤᠯᠤᠯ ᠲᠦᠷᠢᠮ ᠭᠡᠵᠦ | ᠵᠢᠷᠭᠤᠭᠠᠨ ᠪᠦᠯᠦᠭ ᠬᠤᠪᠢᠶᠠᠵᠤ᠂ ᠨᠡᠶᠢᠲᠡ 42 ᠵᠤᠶᠢᠯ ᠬᠤᠪᠢᠶᠠᠨ᠎ᠠ᠃ ᠭᠤᠣᠯ ᠠᠭᠤᠯᠭ᠎ᠠ ᠳᠤ᠄ | ︵ᠨᠢᠭᠡ ︶᠂ ᠶᠡᠷᠦᠩᠬᠡᠶ ᠱᠠᠭᠠᠷᠳᠠᠯᠭ᠎ᠠ᠃ ︽ᠠᠷᠭ᠎ᠠ︾ ᠶᠢᠨ ᠨᠢᠭᠡᠳᠦᠭᠡᠷ ᠪᠦᠯᠦᠭ ᠲᠤ ᠲᠣᠰ ᠠᠷᠭ᠎ᠠ ᠶᠢᠨ | ᠬᠡᠷᠡᠭᠯᠡᠬᠦ ᠬᠡᠪᠴᠢᠶ᠎ᠡ᠂ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠯ ᠤᠨ ᠦᠢᠯᠡᠴᠢᠯᠡᠭᠡᠨ ᠤ | ᠠᠭᠤᠯᠭ᠎ᠠ᠂ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠱᠠᠭᠠᠷᠳᠠᠯᠭ᠎ᠠ ︵ᠬᠤᠶᠠᠳᠤᠭᠠᠷ ᠵᠦᠢᠯ᠂ ᠭᠤᠷᠪᠠᠳᠤᠭᠠᠷ | ᠵᠦᠢᠯ᠂ ᠳᠥᠷᠪᠡᠳᠦᠭᠡᠷ ᠵᠦᠢᠯ︶᠂ ᠵᠢᠴᠢ ᠤᠯᠤᠰ ᠤᠨ ᠨᠢᠭᠤᠴᠠ ᠨᠣᠮᠧᠷ ᠤᠨ ᠬᠠᠮᠢᠶᠠᠷᠤᠯᠲᠠ ᠶᠢᠨ ᠲᠣᠪᠴᠢᠶ᠎ᠠ | ᠪᠣᠯᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠨᠢᠭᠤᠴᠠ ᠲᠡᠮᠳᠡᠭ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠱᠠᠲᠤ ᠬᠤᠪᠢᠶᠠᠨ ᠬᠠᠷᠢᠭᠤᠴᠠᠵᠤ ᠪᠠᠶᠢᠭ᠎ᠠ ᠡᠯᠧᠺᠲᠷᠣᠨ ᠵᠠᠰᠠᠭ ᠤᠨ | ᠶᠠᠪᠤᠳᠠᠯ ᠤᠨ ᠡᠯᠧᠺᠲᠷᠣᠨ ᠭᠡᠷᠡᠴᠢᠯᠡᠯ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ︵ | ᠲᠠᠪᠤᠳᠤᠭᠠᠷ ᠵᠦᠢᠯ ᠢ ᠲᠣᠳᠣᠷᠬᠠᠶᠢᠯᠠᠪᠠ ᠭᠡᠵᠦ ᠲᠣᠳᠣᠷᠬᠠᠶ ᠲᠣᠭᠲᠠᠭᠠᠵᠠᠶ ︶ ︽ ᠲᠠᠪᠤᠳᠤᠭᠠᠷ ᠵᠤᠶᠢᠯ︾᠃ | ︵ᠬᠤᠶᠠᠷ ︶᠂ ᠬᠢᠷᠢ ᠬᠡᠮ ᠢ ᠮᠠᠭᠠᠳᠯᠠᠨ ᠲᠤᠭᠳᠠᠭᠠᠬᠤ᠃ ︽ᠠᠷᠭ᠎ᠠ︾ ᠶᠢᠨ ᠬᠤᠶᠠᠳᠤᠭᠠᠷ ᠪᠦᠯᠦᠭ | ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠷᠢ | ᠬᠡᠮ ᠢ ᠮᠠᠭᠠᠳᠯᠠᠨ ᠲᠣᠭᠲᠠᠭᠠᠬᠤ ᠨᠥᠬᠦᠴᠡᠯ ︵ᠵᠢᠷᠭᠤᠳᠤᠭᠠᠷ ᠵᠦᠢᠯ︶ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ | ᠬᠢᠷᠢ ᠬᠡᠮ ᠢ ᠮᠠᠭᠠᠳᠯᠠᠨ ᠲᠣᠭᠲᠠᠭᠠᠬᠤ ᠵᠢᠷᠤᠮ ︵ᠳᠣᠯᠣᠳᠤᠭᠠᠷ ᠵᠦᠢᠯ ᠠᠴᠠ ᠠᠷᠪᠠᠳᠤᠭᠠᠷ ᠵᠦᠢᠯ ᠬᠦᠷᠲᠡᠯ᠎ᠡ︶ | ᠵᠢᠴᠢ ᠬᠢᠷᠢ ᠬᠡᠮ ᠤᠨ ᠦᠨᠡᠮᠯᠡᠯ᠂ ᠬᠢᠷᠢ ᠬᠡᠮ ᠢ ᠬᠤᠪᠢᠷᠠᠭᠤᠯᠬᠤ ᠪᠠ ᠦᠷᠭᠦᠯᠵᠢᠯᠡᠭᠦᠯᠬᠦ ᠵᠡᠷᠭᠡ ᠳᠤ ᠵᠢᠷᠤᠮᠵᠢᠯ ᠤᠨ | ᠱᠠᠭᠠᠷᠳᠠᠯᠭ᠎ᠠ ᠳᠤᠷᠠᠳᠪᠠ ︵ᠠᠷᠪᠠᠨ ᠬᠤᠶᠠᠳᠤᠭᠠᠷ ᠵᠦᠢᠯ ᠠᠴᠠ ᠠᠷᠪᠠᠨ ᠲᠠᠪᠤᠳᠤᠭᠠᠷ ᠵᠦᠢᠯ ᠬᠦᠷᠲᠡᠯ᠎ᠡ︶᠃ | ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠠᠵᠢᠯᠯᠠᠭ᠎ᠠ ᠶᠢᠨ ᠰᠡᠷᠭᠡᠭ ᠮᠡᠳᠡᠭᠡ ᠵᠠᠩᠭᠢ ᠪᠠ ᠲᠤᠭ᠎ᠠ ᠪᠠᠷᠢᠮᠲᠠ ᠶᠢᠨ | ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ︽ᠠᠷᠭ᠎ᠠ︾ ᠳᠤ ᠭᠠᠳᠠᠭᠠᠳᠤ ᠶᠢᠨ ᠬᠤᠳᠠᠯᠳᠤᠭᠠᠴᠢᠨ ᠤ ᠪᠠᠯᠠ | ᠣᠷᠣᠭᠤᠯᠤᠯᠲᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡ ᠳᠤ | ᠬᠠᠤᠯᠢ ᠶᠣᠰᠣᠭᠠᠷ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠠᠮᠤᠷ ᠲᠦᠪᠰᠢᠨ ᠤ ᠬᠢᠨᠠᠨ | ᠪᠠᠶᠢᠴᠠᠭᠠᠯᠲᠠ ᠶᠢ ᠬᠢᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠭᠰᠠᠨ ᠪᠠᠶᠢᠨ᠎ᠠ ︽ᠠᠷᠪᠠᠨ ᠨᠢᠭᠡᠳᠤᠭᠡᠷ ᠵᠤᠶᠢᠯ︾᠃ | ︵ᠭᠤᠷᠪᠠ ︶᠂ ᠦᠢᠯᠡ ᠠᠵᠢᠯᠯᠠᠭ᠎ᠠ ᠶᠢᠨ ᠵᠢᠷᠤᠮᠵᠢᠯ᠃ ︽ᠠᠷᠭ᠎ᠠ︾ ᠶᠢᠨ ᠭᠤᠷᠪᠠᠳᠤᠭᠠᠷ ᠪᠦᠯᠦᠭ ᠲᠤ | ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠭᠡ ᠶᠢᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ | ᠳᠦᠷᠢᠮ᠂ ᠦᠢᠯᠡᠴᠢᠯᠡᠭᠡᠨ ᠤ ᠠᠭᠤᠯᠭ᠎ᠠ᠂ ᠦᠨᠡᠮᠯᠡᠯ ᠤᠨ ᠠᠭᠤᠯᠭ᠎ᠠ᠂ ᠦᠨᠡᠮᠯᠡᠯ ᠭᠤᠶᠤᠴᠢᠯᠠᠬᠤ᠂ ᠨᠢᠭᠤᠴᠠ ᠨᠣᠮᠧᠷ | ᠬᠡᠷᠡᠭᠯᠡᠬᠦ ᠠᠮᠤᠷ ᠲᠦᠪᠰᠢᠨ ᠬᠢᠭᠡᠳ ᠢᠲᠡᠭᠡᠯᠴᠡᠭᠡ ᠪᠠᠨ ᠬᠠᠷᠢᠯᠴᠠᠨ ᠮᠡᠳᠡᠷᠡᠬᠦ᠂ ᠨᠢᠭᠤᠴᠠ ᠶᠢ ᠬᠠᠮᠠᠭᠠᠯᠠᠬᠤ ᠡᠭᠦᠷᠭᠡ᠂ | ᠮᠡᠳᠡᠭᠡ ᠵᠠᠩᠭᠢ ᠶᠢ ᠬᠠᠳᠠᠭᠠᠯᠠᠬᠤ᠂ ᠲᠣᠭᠲᠠᠭᠠᠯ ᠳᠤ ᠨᠡᠶᠢᠴᠡᠬᠦ ᠴᠢᠨᠠᠷᠲᠠᠢ ᠪᠠᠷ ᠦᠨᠡᠯᠡᠨ ᠵᠢᠱᠢᠬᠦ᠂ ᠵᠠᠭᠠᠯᠳᠤᠯᠭ᠎ᠠ ᠶᠢ | ᠰᠢᠢᠳᠪᠦᠷᠢᠯᠡᠬᠦ᠂ ᠠᠵᠢᠯ ᠤᠨ ᠪᠠᠶᠢᠷᠢ ᠳᠤ ᠪᠣᠯᠪᠠᠰᠤᠷᠠᠭᠤᠯᠬᠤ ᠵᠢᠴᠢ ᠲᠤᠬᠠᠶᠢᠯᠠᠭᠰᠠᠨ ᠠᠵᠢᠯ ᠢᠶᠠᠨ ᠳᠠᠭᠤᠰᠬᠠᠬᠤ ᠪᠠ | ᠵᠣᠯᠭᠠᠭᠤᠯᠬᠤ ᠵᠡᠷᠭᠡ ᠳᠤ ᠠᠯᠢ ᠣᠯᠠᠨ ᠵᠢᠷᠤᠮᠵᠢᠯ ᠤᠨ ᠱᠠᠭᠠᠷᠳᠠᠯᠭ᠎ᠠ ︵ᠠᠷᠪᠠᠨ ᠵᠢᠷᠭᠤᠳᠤᠭᠠᠷ ᠵᠦᠢᠯ ᠠᠴᠠ ᠬᠤᠷᠢᠨ | ᠳᠥᠷᠪᠡᠳᠦᠭᠡᠷ ᠵᠦᠢᠯ᠂ ᠬᠤᠷᠢᠨ ᠵᠢᠷᠭᠤᠳᠤᠭᠠᠷ ᠵᠦᠢᠯ ᠠᠴᠠ ᠬᠤᠷᠢ ᠶᠢᠰᠦᠳᠦᠭᠡᠷ ᠵᠦᠢᠯ ᠬᠦᠷᠲᠡᠯ᠎ᠡ︶ ᠳᠤᠷᠠᠳᠪᠠ᠃ | ᠡᠭᠦᠨ ᠤ ᠬᠠᠮᠲᠤ᠂ ︽ᠠᠷᠭ᠎ᠠ︾ ᠨᠢ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠯ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠡᠯᠧᠺᠲᠷᠣᠨ ᠭᠠᠷ ᠤᠨ ᠥᠰᠥᠭ ᠵᠢᠷᠤᠭᠰᠠᠨ ᠭᠡᠷᠡᠴᠢᠯᠡᠯ ᠤᠨ ᠦᠨᠡᠮᠯᠡᠯ ᠢ | ᠳᠠᠩᠰᠠᠯᠠᠭᠤᠯᠬᠤ ᠠᠵᠢᠯ ᠢ ᠨᠠᠶᠢᠳᠠᠵᠤ ᠥᠷᠨᠢᠭᠦᠯᠬᠦ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠨᠠᠶᠢᠳᠠᠭᠰᠠᠨ | ᠪᠠᠶᠢᠭᠤᠯᠤᠮᠵᠢ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ | ᠭᠡᠷᠡᠴᠢᠯᠡᠯ ᠤᠨ ᠦᠢᠯᠡᠴᠢᠯᠡᠭᠡᠨ ᠤ ᠠᠮᠤᠷ ᠲᠦᠪᠰᠢᠨ ᠪᠥᠭᠡᠳ ᠨᠠᠶᠢᠳᠠᠪᠤᠷᠢᠲᠠᠶ ᠪᠠᠶᠢᠬᠤ ᠶᠢ ᠪᠠᠲᠤᠯᠠᠪᠠ ︵ᠬᠤᠷᠢᠨ | ᠲᠠᠪᠤᠳᠤᠭᠠᠷ ᠵᠦᠢᠯ︶ ᠃ | ︵ᠳᠥᠷᠪᠡ︶᠂ ᠬᠢᠨᠠᠯᠲᠠ ᠬᠠᠮᠢᠶᠠᠷᠤᠯᠲᠠ ᠪᠣᠯᠤᠨ ᠬᠠᠤᠯᠢ ᠶᠢᠨ ᠬᠠᠷᠢᠭᠤᠴᠠᠯᠭ᠎ᠠ᠃ ︽ᠠᠷᠭ᠎ᠠ︾ ᠶᠢᠨ | ᠳᠥᠷᠪᠡᠳᠦᠭᠡᠷ ᠪᠦᠯᠦᠭ ᠲᠤ ᠨᠢᠭᠤᠴᠠ ᠨᠣᠮᠧᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠡᠯᠧᠺᠲᠷᠣᠨ | ᠵᠠᠰᠠᠭ ᠤᠨ ᠶᠠᠪᠤᠳᠠᠯ ᠤᠨ ᠡᠯᠧᠺᠲᠷᠣᠨ ᠭᠡᠷᠡᠴᠢᠯᠡᠯ ᠤᠨ ᠦᠢᠯᠡᠴᠢᠯᠡᠭᠡᠨ ᠤ ᠠᠵᠢᠯᠯᠠᠭ᠎ᠠ ᠳᠤ ᠬᠠᠤᠯᠢ ᠶᠣᠰᠣᠭᠠᠷ | ᠬᠢᠨᠠᠯᠲᠠ ᠪᠠᠶᠢᠴᠠᠭᠠᠯᠲᠠ ᠬᠢᠵᠦ ᠵᠢᠷᠤᠮᠵᠢᠯ ᠤᠨ ᠱᠠᠭᠠᠷᠳᠠᠯᠭ᠎ᠠ ︵ᠭᠤᠴᠢᠳᠤᠭᠠᠷ ᠵᠦᠢᠯ ᠠᠴᠠ ᠭᠤᠴᠢᠨ ᠭᠤᠷᠪᠠᠳᠤᠭᠠᠷ | ᠵᠦᠢᠯ ᠬᠦᠷᠲᠡᠯ᠎ᠡ︶ ᠶᠢ ᠳᠤᠷᠠᠳᠤᠨ ᠭᠠᠷᠭᠠᠭᠰᠠᠨ ᠪᠥᠭᠡᠳ ᠡᠯᠧᠺᠲᠷᠣᠨ ᠵᠠᠰᠠᠭ ᠤᠨ ᠶᠠᠪᠤᠳᠠᠯ ᠤᠨ ᠡᠯᠧᠺᠲᠷᠣᠨ | ᠭᠡᠷᠡᠴᠢᠯᠡᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠢᠷᠢ ᠬᠡᠮ ᠢ ᠮᠠᠭᠠᠳᠯᠠᠨ ᠲᠣᠭᠲᠠᠭᠠᠬᠤ ᠨᠥᠬᠦᠴᠡᠯ ᠪᠠ | ᠱᠠᠭᠠᠷᠳᠠᠯᠭ᠎ᠠ᠂ ᠣᠨ ᠤ ᠠᠵᠢᠯ ᠤᠨ ᠮᠡᠳᠡᠭᠦᠯᠦᠯᠲᠡ᠂ ᠴᠢᠬᠤᠯᠠ ᠶᠡᠭᠡ ᠵᠦᠢᠯᠡᠰ ᠤᠨ ᠮᠡᠳᠡᠭᠦᠯᠦᠯᠲᠡ ᠵᠡᠷᠭᠡ ᠬᠢᠨᠠᠨ | ᠬᠠᠮᠢᠶᠠᠷᠬᠤ ᠲᠣᠭᠲᠠᠴᠠ ᠶᠢ ᠦᠷᠭᠦᠯᠵᠢᠯᠡᠨ ᠨᠡᠶᠢᠴᠡᠬᠦ ᠶᠢ ᠲᠣᠳᠣᠷᠬᠠᠶᠢᠯᠠᠪᠠ ︵ᠭᠤᠴᠢᠨ ᠳᠥᠷᠪᠡᠳᠦᠭᠡᠷ ᠵᠦᠢᠯ ᠠᠴᠠ | ᠭᠤᠴᠢᠨ ᠵᠢᠷᠭᠤᠳᠤᠭᠠᠷ ᠵᠦᠢᠯ ᠬᠦᠷᠲᠡᠯ᠎ᠡ︶᠃ ︽ᠠᠷᠭ᠎ᠠ︾ ᠶᠢᠨ ᠲᠠᠪᠤᠳᠤᠭᠠᠷ ᠪᠦᠯᠦᠭ ᠲᠤ ᠬᠠᠤᠯᠢ ᠶᠢ | ᠵᠥᠷᠢᠴᠡᠭᠰᠡᠨ ᠬᠠᠮᠢᠶ᠎ᠠ ᠪᠦᠬᠦᠢ ᠠᠵᠢᠯᠯᠠᠭ᠎ᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠭᠲᠠᠭᠠᠪᠠ ︵ | ᠭᠤᠴᠢᠨ ᠳᠣᠯᠣᠳᠤᠭᠠᠷ ᠵᠦᠢᠯ ᠠᠴᠠ ᠳᠥᠴᠢᠨ ᠨᠢᠭᠡᠳᠦᠭᠡᠷ ᠵᠦᠢᠯ ᠬᠦᠷᠲᠡᠯ᠎ᠡ︶ ᠃ | ︵ᠲᠠᠪᠤ︶ ᠪᠤᠰᠤᠳ ᠵᠦᠢᠯ᠃ ︽ᠠᠷᠭ᠎ᠠ︾ ᠶᠢᠨ ᠵᠢᠷᠭᠤᠳᠤᠭᠠᠷ ᠪᠦᠯᠦᠭ ᠲᠤ ᠲᠤᠰ ᠠᠷᠭ᠎ᠠ ᠶᠢ ᠬᠡᠷᠡᠭᠵᠢᠭᠦᠯᠬᠦ | ᠴᠠᠭ ᠢ ᠲᠣᠭᠲᠠᠭᠠᠪᠠ᠃ |