202417 ᠲᠥᠷᠦ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/18
︽ᠨᠢᠬᠦᠯᠡᠰᠦᠩᠬᠦᠢ ᠶᠢᠨ ᠵᠤᠬᠢᠶᠠᠨ ᠪᠠᠶᠢᠭᠤᠯᠤᠯᠳᠠ ᠶᠢ ᠮᠠᠭᠠᠳᠯᠠᠨ ᠲᠤᠭᠳᠠᠭᠠᠬᠤ ᠠᠷᠭ᠎ᠠ︾ ᠶᠢᠨ ᠲᠠᠶᠢᠯᠤᠮᠵᠢ    ᠢᠷᠡᠯᠲᠡ᠄ ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ    9 ᠰᠠᠷ᠎ᠠ ᠶᠢᠨ 5 ᠤ ᠡᠳᠦᠷ᠂ ᠠᠷᠠᠳ ᠤᠨ ᠶᠠᠪᠤᠳᠠᠯ ᠤᠨ ᠶᠠᠮᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢ ᠮᠠᠭᠠᠳᠯᠠᠨ ᠲᠣᠭᠲᠠᠭᠠᠬᠤ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠪᠡ᠃ ᠡᠳᠦᠭᠡ ᠵᠠᠰᠠᠪᠤᠷᠢ ᠣᠷᠣᠭᠤᠯᠤᠭᠰᠠᠨ ᠪᠠᠶᠢᠳᠠᠯ ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ᠄    ᠨᠢᠭᠡ᠂ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠨᠥᠬᠦᠴᠡᠯ ᠪᠠᠶᠢᠳᠠᠯ᠃    ︽ᠠᠷᠭ᠎ᠠ︾ ᠶᠢ 2016 ᠣᠨ ᠤ 9 ᠳ᠋ᠦ᠋ᠭᠡᠷ ᠰᠠᠷ᠎ᠠ ᠳᠤ ᠬᠡᠷᠡᠭᠵᠢᠭᠦᠯᠦᠭᠰᠡᠨ ᠠᠴᠠ ᠨᠠᠰᠢ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢ ᠮᠠᠭᠠᠳᠯᠠᠨ ᠲᠣᠭᠲᠠᠭᠠᠬᠤ ᠨᠥᠬᠦᠴᠡᠯ ᠪᠠ ᠳᠡᠰ ᠳᠠᠷᠠᠭᠠᠯᠠᠯ ᠢ ᠨᠠᠷᠢᠯᠢᠭᠵᠢᠭᠤᠯᠵᠤ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢ ᠮᠠᠭᠠᠳᠯᠠᠨ ᠲᠣᠭᠲᠠᠭᠠᠬᠤ ᠠᠵᠢᠯ ᠢ ᠵᠢᠷᠤᠮᠵᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ 2023 ᠣᠨ ᠤ 12 ᠰᠠᠷ᠎ᠠ ᠶᠢᠨ 29 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯᠳᠤᠭᠠᠨ ᠠᠴᠠ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠶ ᠶᠢᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠪᠠᠲᠤᠯᠠᠵᠤ᠂ ᠲᠣᠰ ᠵᠠᠰᠠᠪᠤᠷᠢ ᠣᠷᠣᠭᠤᠯᠬᠤ ᠲᠣᠭᠲᠠᠭᠠᠯ ᠢ 2024 ᠣᠨ ᠤ 9 ᠰᠠᠷ᠎ᠠ ᠶᠢᠨ 5 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠨᠢᠭᠦᠯᠡᠰᠦᠩᠭᠦᠶ ᠶᠢᠨ ᠬᠠᠤᠯᠢ ᠶᠢᠨ ᠠᠷᠪᠠᠳᠤᠭᠠᠷ ᠵᠦᠢᠯ ᠤᠨ ᠬᠤᠶᠠᠳᠤᠭᠠᠷ ᠵᠤᠷᠪᠤᠰ ︽ᠲᠤᠰ ᠬᠠᠤᠯᠢ ᠶᠢ ᠨᠡᠶᠢᠲᠡᠯᠡᠬᠦ ᠠᠴᠠ ᠡᠮᠦᠨ᠎ᠡ︾ ᠭᠡᠬᠦ ᠲᠣᠭᠠᠴᠢᠯᠲᠠ ᠶᠢ ᠬᠠᠰᠤᠭᠠᠳ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠠᠷ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠣᠨᠴᠠ ᠲᠣᠭᠲᠠᠭᠰᠠᠨ ᠴᠠᠭ ᠤᠨ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠪᠦᠯᠬᠦᠮ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠨᠢ ᠳᠠᠩᠰᠠᠯᠠᠨ ᠲᠡᠮᠳᠡᠭᠯᠡᠵᠦ ᠪᠣᠯᠬᠤ ᠦᠶ᠎ᠡ ᠳᠤ ᠰᠢᠭᠤᠳ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠠᠷ ᠳᠠᠩᠰᠠᠯᠠᠭᠤᠯᠵᠤ ᠪᠣᠯᠣᠨ᠎ᠠ᠂ ᠪᠠᠰᠠ ᠳᠡᠩᠰᠡᠯᠡᠨ ᠲᠡᠮᠳᠡᠭᠯᠡᠭᠰᠡᠨ ᠤ ᠳᠠᠷᠠᠭ᠎ᠠ ᠲᠡᠭᠦᠨ ᠤ ᠳᠠᠩᠰᠠᠯᠠᠭᠤᠯᠬᠤ ᠶᠢ ᠭᠦᠢᠴᠡᠳᠬᠡᠵᠦ ᠪᠠᠶᠢᠭ᠎ᠠ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠠᠷ ᠮᠠᠭᠠᠳᠯᠠᠨ ᠲᠣᠭᠲᠠᠭᠠᠵᠤ ᠪᠣᠯᠣᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠨᠢᠭᠦᠯᠡᠰᠦᠩᠭᠦᠶ ᠶᠢᠨ ᠬᠠᠤᠯᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠦᠢᠯᠡᠳᠦᠯᠭᠡ ᠶᠢᠨ ᠲᠤᠷᠰᠢᠯᠭ᠎ᠠ ᠪᠠᠨ ᠳ᠋ᠦᠩᠨᠡᠵᠦ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢ ᠮᠠᠭᠠᠳᠯᠠᠨ ᠲᠣᠭᠲᠠᠭᠠᠬᠤ ᠨᠥᠬᠦᠴᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠳᠤ ︽ᠠᠷᠭ᠎ᠠ︾ ᠳᠤ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠨ᠎ᠠ᠃    ᠬᠤᠶᠠᠷ᠂ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠭᠤᠣᠯ ᠠᠭᠤᠯᠭ᠎ᠠ᠃    ︽ᠠᠷᠭ᠎ᠠ︾ ᠳᠤ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠠᠭᠤᠯᠭ᠎ᠠ ᠨᠢ ᠭᠤᠤᠯᠳᠠᠭᠤ ᠳᠣᠤᠷᠠᠬᠢ ᠭᠤᠷᠪᠠᠨ ᠲᠠᠯ᠎ᠠ ᠳᠤ ᠬᠤᠯᠪᠣᠭᠳᠠᠨ᠎ᠠ᠄    ᠨᠢᠭᠡ ᠳᠤ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠮᠠᠭᠠᠳᠯᠠᠨ ᠲᠣᠭᠲᠠᠭᠠᠬᠤ ᠨᠥᠬᠦᠴᠡᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠨᠢᠭᠦᠯᠡᠰᠦᠩᠭᠦᠶ ᠶᠢᠨ ᠬᠠᠤᠯᠢ ᠶᠢᠨ ᠠᠷᠪᠠᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ︽ᠠᠷᠭ᠎ᠠ︾ ᠶᠢᠨ ᠬᠤᠶᠠᠳᠤᠭᠠᠷ ᠵᠦᠢᠯ ᠳᠤ ᠵᠣᠬᠢᠴᠠᠩᠭᠤᠶ ᠨᠡᠮᠡᠯᠲᠡ᠂ ᠥᠭᠡᠷᠡᠴᠢᠯᠡᠯᠲᠡ ᠣᠷᠣᠭᠤᠯᠵᠤ᠂ ︽ᠨᠢᠭᠦᠯᠡᠰᠦᠩᠭᠦᠶ ᠶᠢᠨ ᠬᠠᠤᠯᠢ ᠶᠢ ᠨᠡᠶᠢᠲᠡᠯᠡᠬᠦ ᠠᠴᠠ ᠡᠮᠦᠨ᠎ᠡ︾ ᠭᠡᠬᠦ ᠥᠭᠦᠯᠡᠯᠲᠡ ᠶᠢ ᠬᠠᠰᠤᠪᠠ᠃ ᠡᠨᠡᠷᠢᠩᠭᠦᠶ ᠬᠠᠣᠯᠢ ᠶᠢᠨ ᠳᠣᠬᠲᠠᠭᠠᠯ ᠪᠠ ᠣᠢᠢᠯᠠᠲᠣᠯᠭᠡ ᠶᠢᠨ ᠬᠡᠷᠩᠴᠡᠭᠡ ᠶᠢ ᠣᠢᠠᠲᠣᠰᠣᠯᠠᠨ᠂ ︽ᠠᠷᠭ᠎ᠠ︾ ᠶᠢᠨ ᠳᠦᠷᠪᠠᠲᠣᠭᠡᠷ ᠵᠦᠢᠯ ᠤᠨ ᠭᠤᠷᠪᠠᠲᠣᠭᠠᠷ ᠵᠣᠷᠪᠤᠰ ᠳᠤ ︽  ᠨᠢᠭᠦᠯᠡᠰᠦᠩᠭᠦᠢ ᠶᠢᠨ ᠬᠠᠤᠯᠢ ᠶᠢᠨ ᠠᠷᠪᠠᠨ ᠨᠢᠭᠡᠳᠦᠭᠡᠷ ᠵᠦᠢᠯ ᠲᠣᠭᠲᠠᠭᠠᠯ︾ ᠢ ᠨᠡᠮᠡᠪᠡ᠃    ᠬᠤᠶᠠᠷ ᠲᠤ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢ ᠮᠠᠭᠠᠳᠯᠠᠨ ᠲᠣᠭᠲᠠᠭᠠᠵᠤ ᠳᠡᠶᠢᠯᠬᠦ ᠥᠬᠡᠶ ᠪᠠᠶᠢᠳᠠᠯ ᠢ ᠲᠡᠭᠦᠯᠳᠡᠷᠵᠢᠭᠦᠯᠦᠨ᠎ᠡ᠃ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ︽ᠠᠷᠭ᠎ᠠ︾ ᠶᠢᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠢ ︽ᠭᠤᠶᠤᠴᠢᠯᠠᠬᠤ ᠦᠶ᠎ᠡ ᠳᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠪᠤᠶᠤ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ ᠤᠨ ᠵᠢᠭᠰᠠᠭᠠᠯᠲᠠ ᠳᠤ ᠣᠷᠣᠭᠤᠯᠵᠤ︾᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢ ᠮᠠᠭᠠᠳᠯᠠᠨ ᠲᠣᠭᠲᠠᠭᠠᠬᠤ ᠥᠬᠡᠶ ᠪᠠᠶᠢᠳᠠᠯ ᠳᠤ ᠣᠷᠣᠭᠤᠯᠤᠨ᠎ᠠ᠃    ᠭᠤᠷᠪᠠ ᠳᠤ᠂ ᠬᠤᠯᠪᠣᠭᠳᠠᠯ ᠪᠦᠬᠦᠢ ᠦᠰᠦᠭ ᠪᠢᠴᠢᠭ ᠤᠨ ᠥᠭᠦᠯᠡᠯᠲᠡ ᠶᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠭᠡᠷᠡᠴᠢᠯᠡᠬᠦ ᠵᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠳᠣᠯᠣᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ︽ᠭᠡᠷᠡᠴᠢᠯᠡᠬᠦ ᠮᠠᠲ᠋ᠧᠷᠢᠶᠠᠯ︾ ᠢ ︽ᠪᠢᠴᠢᠭ ᠤᠨ ᠮᠠᠲ᠋ᠧᠷᠢᠶᠠᠯ︾ ᠭᠡᠵᠦ ᠵᠠᠰᠠᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠨᠢᠭᠦᠯᠡᠰᠦᠩᠭᠦᠢ ᠶᠢᠨ ᠬᠠᠤᠯᠢ ᠶᠢ ᠦᠨᠳᠦᠰᠦᠯᠡᠨ᠂ ᠳᠣᠯᠤᠳᠤᠭᠠᠷ ᠵᠦᠢᠯ᠂ ᠠᠷᠪᠠᠳᠤᠭᠠᠷ ᠵᠦᠢᠯ ᠳᠠᠬᠢ ︽ᠠᠷᠠᠳ ᠤᠨ ᠶᠠᠪᠤᠳᠠᠯ ᠤᠨ ᠰᠠᠯᠠᠭ᠎ᠠ ᠮᠥᠴᠢᠷ︾ ᠠᠴᠠ ᠡᠮᠦᠨ᠎ᠡ ︽ᠪᠦᠷᠢᠳᠭᠡᠭᠦᠯᠬᠦ︾ ᠭᠡᠵᠦ ᠨᠡᠮᠡᠭᠰᠡᠨ ᠤ ᠬᠠᠮᠲᠤ ᠨᠢᠭᠡᠳᠦᠭᠡᠷ ᠵᠦᠢᠯ᠂ ᠠᠷᠪᠠᠨ ᠬᠤᠶᠠᠳᠤᠭᠠᠷ ᠵᠦᠢᠯ ᠳᠤ ᠦᠰᠦᠭ ᠪᠢᠴᠢᠭ ᠲᠤ ᠵᠠᠰᠠᠪᠤᠷᠢ ᠣᠷᠣᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号