︽ᠨᠢᠬᠦᠯᠡᠰᠦᠩᠬᠦᠢ ᠶᠢᠨ ᠵᠤᠬᠢᠶᠠᠨ ᠪᠠᠶᠢᠭᠤᠯᠤᠯᠳᠠ ᠶᠢᠨ ᠢᠯᠡ ᠪᠠᠷ ᠬᠠᠨᠳᠢᠪ ᠴᠤᠭᠯᠠᠭᠤᠯᠬᠤ ᠬᠠᠮᠢᠶᠠᠷᠤᠯᠳᠠ ᠶᠢᠨ | ᠠᠷᠭ᠎ᠠ︾ ᠶᠢᠨ ᠲᠠᠶᠢᠯᠤᠮᠵᠢ | ᠢᠷᠡᠯᠲᠡ᠄ ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ | 9 ᠰᠠᠷ᠎ᠠ ᠶᠢᠨ 5 ᠤ ᠡᠳᠦᠷ᠂ ᠠᠷᠠᠳ ᠤᠨ ᠶᠠᠪᠤᠳᠠᠯ ᠤᠨ ᠶᠠᠮᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ | ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠢᠯᠡ ᠪᠠᠷ ᠬᠠᠨᠳᠢᠪ ᠴᠤᠭᠯᠠᠭᠤᠯᠬᠤ ᠬᠠᠮᠢᠶᠠᠷᠤᠯᠲᠠ ᠶᠢᠨ ᠠᠷᠭ᠎ᠠ︾ | ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ᠡᠳᠦᠭᠡ ᠵᠠᠰᠠᠪᠤᠷᠢ ᠣᠷᠣᠭᠤᠯᠤᠭᠰᠠᠨ ᠪᠠᠶᠢᠳᠠᠯ ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ | ᠄ | ᠨᠢᠭᠡ᠂ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ ᠨᠥᠬᠦᠴᠡᠯ ᠪᠠᠶᠢᠳᠠᠯ᠃ | ︽ᠠᠷᠭ᠎ᠠ︾ ᠶᠢ 2016 ᠣᠨ ᠤ 9 ᠳ᠋ᠦ᠋ᠭᠡᠷ ᠰᠠᠷ᠎ᠠ ᠳᠤ ᠬᠡᠷᠡᠭᠵᠢᠭᠦᠯᠦᠭᠰᠡᠨ ᠠᠴᠠ ᠨᠠᠰᠢ᠂ | ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠢᠯᠡ ᠪᠠᠷ ᠬᠠᠨᠳᠢᠪ ᠴᠤᠭᠯᠠᠭᠤᠯᠬᠤ ᠬᠢᠷᠢ | ᠬᠡᠮ ᠭᠤᠶᠤᠴᠢᠯᠠᠬᠤ᠂ ᠢᠯᠡ ᠪᠠᠷ ᠬᠠᠨᠳᠢᠪ ᠴᠤᠭᠯᠠᠭᠤᠯᠬᠤ ᠠᠵᠢᠯᠯᠠᠭ᠎ᠠ ᠥᠷᠨᠢᠭᠦᠯᠬᠦ ᠳᠤ ᠢᠳᠡᠪᠬᠢᠲᠡᠶ ᠦᠢᠯᠡᠳᠦᠯ | ᠦᠵᠡᠭᠦᠯᠦᠭᠰᠡᠨ ᠶᠤᠮ᠂ ᠡᠨᠡ ᠨᠢ ᠨᠢᠭᠦᠯᠡᠰᠦᠩᠭᠦᠶ ᠶᠢᠨ ᠬᠠᠤᠯᠢ ᠶᠢᠨ ᠴᠢᠬᠤᠯᠠ ᠢᠵᠢ ᠪᠥᠷᠢᠳᠦᠭᠦᠯᠬᠦ ᠲᠥᠷᠥ ᠶᠢᠨ | ᠪᠣᠳᠣᠯᠭ᠎ᠠ ᠶᠢᠨ ᠨᠢᠭᠡ ᠪᠣᠯᠤᠨ᠎ᠠ᠃ 2023 ᠣᠨ ᠤ 12 ᠰᠠᠷ᠎ᠠ ᠶᠢᠨ 29 ᠤ ᠡᠳᠦᠷ᠂ ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠣᠯᠣᠳᠤᠭᠠᠷ ᠬᠤᠷᠠᠯᠳᠤᠭᠠᠨ ᠠᠴᠠ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠨᠢᠭᠦᠯᠡᠰᠦᠩᠭᠦᠢ ᠶᠢᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠪᠠᠲᠤᠯᠠᠪᠠ᠃ ᠰᠢᠨ᠎ᠡ ᠪᠠᠷ | ᠵᠠᠰᠠᠪᠤᠷᠢ ᠣᠷᠣᠭᠤᠯᠤᠭᠰᠠᠨ ᠨᠢᠭᠦᠯᠡᠰᠦᠩᠭᠦᠢ ᠶᠢᠨ ᠬᠠᠤᠯᠢ ᠳᠤ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ | ᠢᠯᠡ ᠪᠠᠷ ᠬᠠᠨᠳᠢᠪ ᠴᠤᠭᠯᠠᠭᠤᠯᠬᠤ ᠬᠤᠯᠪᠣᠭᠳᠠᠯ ᠪᠦᠬᠦᠢ ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠡᠢ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠨᠢᠭᠦᠯᠡᠰᠦᠩᠭᠦᠶ ᠶᠢᠨ ᠬᠠᠤᠯᠢ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠠᠷᠠᠳ ᠤᠨ ᠶᠠᠪᠤᠳᠠᠯ ᠤᠨ ᠶᠠᠮᠤᠨ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ︽ᠠᠷᠭ᠎ᠠ︾ ᠳᠤ ᠵᠠᠰᠠᠪᠤᠷᠢ ᠣᠷᠣᠭᠤᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠲᠣᠳᠣᠷᠬᠠᠶ ᠳᠤᠷᠠᠳᠤᠨ ᠭᠠᠷᠭᠠᠵᠤ᠂ ᠬᠠᠤᠯᠢ ᠲᠣᠭᠲᠠᠭᠠᠯ ᠶᠣᠰᠣᠭᠠᠷ ᠬᠠᠨᠳᠢᠪ ᠴᠤᠭᠯᠠᠭᠤᠯᠬᠤ ᠶᠢ ᠴᠢᠩᠭᠠᠳᠬᠠᠪᠠ᠃ | ᠬᠤᠶᠠᠷ᠂ ᠭᠤᠣᠯ ᠠᠭᠤᠯᠭ᠎ᠠ ᠳᠤ ᠵᠠᠰᠠᠪᠤᠷᠢ ᠣᠷᠣᠭᠤᠯᠬᠤ | ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠨᠢᠭᠦᠯᠡᠰᠦᠩᠭᠦᠶ ᠶᠢᠨ ᠬᠠᠤᠯᠢ ᠳᠤ ᠰᠢᠨ᠎ᠡ ᠪᠠᠷ ᠵᠠᠰᠠᠪᠤᠷᠢ | ᠣᠷᠣᠭᠤᠯᠤᠭᠰᠠᠨ ᠠᠭᠤᠯᠭ᠎ᠠ ᠳᠤ ᠰᠠᠭᠤᠷᠢᠯᠠᠨ᠂ ᠣᠲᠣ ᠶᠢᠨ ᠬᠡᠷᠡᠭᠵᠢᠭᠦᠯᠵᠦ ᠪᠠᠶᠢᠭ᠎ᠠ ︽ᠠᠷᠭ᠎ᠠ︾ ᠶᠢᠨ | ᠦᠨᠳᠦᠰᠦᠨ ᠪᠣᠷᠣ ᠲᠥᠯᠥᠪ᠂ ᠡᠵᠡᠯᠡᠬᠦᠨ ᠢ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠬᠤ ᠶᠢᠨ ᠬᠠᠮᠲᠤ | ᠦᠢᠯᠡᠳᠦᠯᠭᠡ ᠶᠢᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠠᠭᠤᠯᠭ᠎ᠠ ᠳᠤ ᠲᠣᠬᠢᠷᠠᠭᠤᠯᠤᠯᠲᠠ ᠬᠢᠵᠦ | ᠨᠠᠷᠢᠯᠢᠬᠵᠢᠭᠤᠯᠪᠠ᠃ ᠵᠠᠰᠠᠪᠤᠷᠢ ᠣᠷᠣᠭᠤᠯᠬᠤ ᠠᠭᠤᠯᠭ᠎ᠠ ᠨᠢ ᠭᠤᠣᠯᠳᠠᠭᠤ ᠳᠣᠣᠷᠠᠬᠢ ᠳᠥᠷᠪᠡᠨ ᠲᠠᠯ᠎ᠠ ᠳᠤ | ᠬᠤᠯᠪᠣᠭᠳᠠᠨ᠎ᠠ᠃ | ᠨᠢᠭᠡ ᠳᠤ᠂ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠭᠤᠶᠤᠴᠢᠯᠠᠬᠤ ᠨᠥᠬᠦᠴᠡᠯ ᠢ ᠰᠢᠯᠢᠳᠡᠭᠵᠢᠭᠦᠯᠦᠨ᠎ᠡ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠨᠢᠭᠦᠯᠡᠰᠦᠩᠭᠦᠶ ᠶᠢᠨ ᠬᠠᠤᠯᠢ ᠳᠤ ︽ᠬᠠᠤᠯᠢ ᠶᠣᠰᠣᠭᠠᠷ ᠬᠤᠶᠠᠷ ᠵᠢᠯ | ᠳᠡᠩᠰᠡᠯᠡᠨ ᠲᠡᠮᠳᠡᠭᠯᠡᠭᠦᠯᠦᠭᠰᠡᠨ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢ ᠲᠡᠭᠦᠨ ᠤ ᠳᠠᠩᠰᠠᠯᠠᠭᠤᠯᠤᠭᠰᠠᠨ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠭᠤᠶᠤᠴᠢᠯᠠᠵᠤ | ᠪᠣᠯᠤᠨ᠎ᠠ︾ ᠭᠡᠵᠦ ᠵᠠᠰᠠᠪᠤᠷᠢ ᠣᠷᠣᠭᠤᠯᠵᠤ᠂ ︽ᠬᠠᠤᠯᠢ ᠶᠣᠰᠣᠭᠠᠷ ᠳᠡᠩᠰᠡᠯᠡᠨ ᠲᠡᠮᠳᠡᠭᠯᠡᠭᠦᠯᠦᠭᠡᠳ ᠪᠦᠬᠦᠯᠢ ᠨᠢᠭᠡ | ᠵᠢᠯ ᠪᠣᠯᠤᠭᠰᠠᠨ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠳᠤ ᠲᠡᠭᠦᠨ ᠤ ᠳᠠᠩᠰᠠᠯᠠᠭᠤᠯᠤᠭᠰᠠᠨ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠲᠤ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠭᠤᠶᠤᠴᠢᠯᠠᠵᠤ ᠪᠣᠯᠤᠨ᠎ᠠ︾ | ᠭᠡᠵᠦ ᠵᠠᠰᠠᠪᠤᠷᠢ ᠣᠷᠣᠭᠤᠯᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠠᠭᠤᠵᠢᠭᠤ ᠲᠠᠯᠪᠢᠵᠤ᠂ ︽ᠠᠷᠭ᠎ᠠ︾ | ᠨᠢ ᠡᠭᠦᠨ ᠳᠤ ᠵᠣᠬᠢᠴᠠᠩᠭᠤᠶ ᠵᠠᠰᠠᠪᠤᠷᠢ ᠣᠷᠣᠭᠤᠯᠤᠭᠰᠠᠨ ᠪᠠᠶᠢᠨ᠎ᠠ᠃ ᠡᠭᠦᠨ ᠤ ᠬᠠᠮᠲᠤ᠂ ︽ᠠᠷᠭ᠎ᠠ︾ ᠨᠢ | ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠭᠤᠶᠤᠴᠢᠯᠠᠬᠤ ᠨᠥᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠶᠢᠨ | ᠵᠠᠰᠠᠯᠲᠠ ᠶᠢᠨ ᠲᠣᠭᠲᠠᠴᠠ ᠶᠢᠨ ᠪᠦᠲᠦᠮᠵᠢᠲᠦ ᠴᠢᠨᠠᠷ᠂ ᠳᠣᠲᠣᠭᠠᠳᠤ ᠶᠢᠨ ᠬᠠᠮᠢᠶᠠᠷᠤᠯᠲᠠ ᠶᠢᠨ ᠲᠦᠷᠢᠮ ᠤᠨ ᠪᠦᠷᠢᠨ | ᠲᠡᠭᠦᠯᠳᠡᠷ ᠴᠢᠨᠠᠷ ᠪᠠ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠠᠭᠠᠯ ᠳᠤ ᠨᠡᠶᠢᠴᠡᠬᠦ | ᠴᠢᠨᠠᠷ ᠢ ᠭᠤᠤᠯᠳᠠᠯᠭ᠎ᠠ ᠲᠠᠢ ᠰᠢᠨᠵᠢᠯᠡᠨ ᠪᠠᠶᠢᠴᠠᠭᠠᠪᠠ᠃ | ᠬᠤᠶᠠᠷ ᠲᠤ᠂ ᠢᠯᠡ ᠪᠠᠷ ᠬᠠᠨᠳᠢᠪᠯᠠᠬᠤ ᠲᠥᠰᠦᠯ ᠤᠨ ᠬᠤᠯᠪᠣᠭᠳᠠᠯ ᠪᠥᠬᠦᠶ ᠲᠣᠭᠲᠠᠭᠠᠯ ᠢ ᠨᠠᠷᠢᠯᠢᠬᠵᠢᠭᠤᠯᠤᠨ᠎ᠠ | ᠃ ︽ᠠᠷᠭ᠎ᠠ︾ ᠨᠢ ᠢᠯᠡ ᠪᠠᠷ ᠬᠠᠨᠳᠢᠪ ᠴᠤᠭᠯᠠᠭᠤᠯᠬᠤ ᠠᠵᠢᠯᠯᠠᠭ᠎ᠠ ᠶᠢᠨ ᠬᠠᠮᠢᠶᠠᠷᠤᠯᠲᠠ ᠶᠢᠨ ᠳᠤᠮᠳᠠ | ᠢᠯᠡᠷᠡᠭᠦᠯᠦᠭᠰᠡᠨ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠠᠩᠬᠠᠷᠤᠯ | ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠢᠯᠡ ᠪᠠᠷ ᠬᠠᠨᠳᠢᠪ ᠴᠤᠭᠯᠠᠭᠤᠯᠬᠤ ᠲᠥᠰᠦᠯ ᠤᠨ | ᠪᠣᠳᠠᠲᠠᠶ ᠠᠭᠤᠯᠭ᠎ᠠ ᠪᠠ ᠬᠤᠯᠪᠣᠭᠳᠠᠯ ᠪᠥᠬᠦᠶ ᠱᠠᠭᠠᠷᠳᠠᠯᠭ᠎ᠠ ᠶᠢ ᠵᠤᠶᠢᠯ ᠳᠠᠷᠠᠭᠠᠯᠠᠨ ᠨᠠᠷᠢᠯᠢᠬᠵᠢᠭᠤᠯᠪᠠ᠃ | ᠵᠢᠱᠢᠶᠡᠯᠡᠪᠡᠯ᠂ ᠤᠷᠢᠳᠴᠢᠯᠠᠨ ᠴᠤᠭᠯᠠᠭᠤᠯᠤᠭᠰᠠᠨ ᠵᠣᠭᠤᠰ ᠮᠥᠩᠭᠦ ᠡᠳ᠋ ᠪᠣᠳᠠᠰ ᠤᠨ ᠲᠤᠭ᠎ᠠ ᠬᠡᠮᠵᠢᠶ᠎ᠡ ᠶᠢ | ᠨᠡᠮᠡᠭᠳᠡᠭᠦᠯᠵᠦ᠂ ᠭᠠᠭᠴᠠ ᠤᠳᠠᠭ᠎ᠠ ᠬᠠᠨᠳᠢᠪ ᠴᠤᠭᠯᠠᠭᠤᠯᠬᠤ ᠠᠵᠢᠯᠯᠠᠭ᠎ᠠ ᠶᠢᠨ ᠬᠠᠮᠤᠭ ᠤᠨ ᠤᠷᠲᠤ ᠬᠤᠭᠤᠴᠠᠭ᠎ᠠ ᠶᠢ | ᠲᠣᠳᠣᠷᠬᠠᠶ ᠲᠣᠭᠲᠠᠭᠠᠪᠠ᠃ ᠢᠯᠡ ᠪᠠᠷ ᠬᠠᠨᠳᠢᠪ ᠴᠤᠭᠯᠠᠭᠤᠯᠬᠤ ᠠᠵᠢᠯᠯᠠᠭ᠎ᠠ ᠨᠢᠭᠡᠪᠦᠷᠢ ᠶᠢ ᠠᠰ ᠲᠤᠨᠢ | ᠳᠠᠩᠰᠠᠯᠠᠭᠤᠯᠬᠤ ᠬᠡᠷᠡᠭᠲᠡᠶ᠂ ᠨᠡᠶᠢᠯᠡᠭᠦᠯᠦᠨ ᠳᠠᠩᠰᠠᠯᠠᠭᠤᠯᠵᠤ ᠪᠣᠯᠬᠤ ᠦᠭᠡᠢ᠂ ᠠᠳᠠᠯᠢ ᠨᠢᠭᠡᠨ ᠬᠠᠨᠳᠢᠪ | ᠴᠤᠭᠯᠠᠭᠤᠯᠬᠤ ᠶᠢ ᠳᠠᠩᠰᠠᠯᠠᠭᠤᠯᠤᠭᠰᠠᠨ ᠳ᠋ᠤᠭᠠᠷ ᠢᠶᠠᠷ ᠣᠯᠠᠨ ᠵᠦᠢᠯ ᠤᠨ ᠢᠯᠡ ᠪᠠᠷ ᠬᠠᠨᠳᠢᠪ ᠴᠤᠭᠯᠠᠭᠤᠯᠬᠤ | ᠠᠵᠢᠯᠯᠠᠭ᠎ᠠ ᠥᠷᠨᠢᠭᠦᠯᠵᠦ ᠪᠣᠯᠬᠤ ᠦᠭᠡᠢ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠬᠦ᠂ ᠵᠦᠢ ᠵᠣᠬᠢᠰᠲᠠᠶ ᠵᠢᠷᠤᠵᠤ ᠲᠥᠯᠥᠪᠯᠡᠬᠦ᠂ ᠬᠠᠤᠯᠢ ᠶᠣᠰᠣᠭᠠᠷ ᠢᠯᠡ ᠪᠠᠷ | ᠬᠠᠨᠳᠢᠪ ᠴᠤᠭᠯᠠᠭᠤᠯᠬᠤ ᠠᠵᠢᠯᠯᠠᠭ᠎ᠠ ᠥᠷᠨᠢᠭᠦᠯᠬᠦ ᠶᠢ ᠲᠦᠯᠬᠢᠨ ᠠᠬᠢᠭᠤᠯᠵᠤ᠂ ᠬᠠᠨᠳᠢᠪ ᠴᠤᠭᠯᠠᠭᠤᠯᠬᠤ ᠡᠲᠡᠭᠡᠳ᠂ | ᠨᠡᠶᠢᠭᠡᠮ ᠨᠡᠶᠢᠲᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ | ᠢᠯᠡ ᠪᠠᠷ ᠬᠠᠨᠳᠢᠪ ᠴᠤᠭᠯᠠᠭᠤᠯᠬᠤ ᠠᠵᠢᠯᠯᠠᠭ᠎ᠠ ᠳᠤ ᠬᠢᠨᠠᠯᠲᠠ ᠬᠠᠮᠢᠶᠠᠷᠤᠯᠲᠠ ᠬᠢᠬᠦ ᠳᠤ ᠳᠥᠭᠦᠮ ᠦᠵᠡᠭᠦᠯᠦᠨ᠎ᠡ | ᠭᠡᠵᠦ ᠲᠣᠭᠲᠠᠭᠠᠵᠠᠶ᠃ | ᠭᠤᠷᠪᠠ ᠳᠤ᠂ ᠬᠠᠮᠲᠤᠷᠠᠯᠴᠠᠵᠤ ᠢᠯᠡ ᠪᠠᠷ ᠬᠠᠨᠳᠢᠪ ᠴᠤᠭᠯᠠᠭᠤᠯᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ | ᠬᠤᠷᠰᠢᠵᠤ ᠬᠠᠨᠳᠢᠪᠯᠠᠬᠤ ᠳᠤ ᠵᠠᠷᠢᠮ ᠢᠯᠡ ᠪᠠᠷ ᠬᠠᠨᠳᠢᠪᠯᠠᠬᠤ ᠬᠢᠷᠢ ᠬᠡᠮ ᠲᠠᠢ ᠨᠢᠭᠦᠯᠡᠰᠦᠩᠭᠦᠶ ᠶᠢᠨ ᠵᠣᠬᠢᠶᠠᠨ | ᠪᠠᠶᠢᠭᠤᠯᠤᠯᠲᠠ ᠨᠢ ᠬᠠᠮᠲᠤᠷᠠᠯᠴᠠᠭᠠᠨ ᠤ ᠲᠠᠯ᠎ᠠ ᠳᠠᠬᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠭᠰᠡᠨ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ︽ᠠᠷᠭ᠎ᠠ︾ ᠳᠤ ᠢᠯᠡ ᠪᠠᠷ ᠬᠠᠨᠳᠢᠪ | ᠴᠤᠭᠯᠠᠭᠤᠯᠬᠤ ᠬᠢᠷᠢ ᠬᠡᠮ ᠲᠠᠢ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠠᠴᠠ ᠬᠠᠨᠳᠢᠪ ᠴᠤᠭᠯᠠᠭᠤᠯᠬᠤ | ᠲᠠᠯ᠎ᠠ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠪᠠ᠃ ᠵᠢᠱᠢᠶᠡᠯᠡᠪᠡᠯ᠂ | ᠢᠯᠡ ᠪᠠᠷ ᠬᠠᠨᠳᠢᠪ ᠴᠤᠭᠯᠠᠭᠤᠯᠬᠤ ᠬᠢᠷᠢ ᠭᠡᠮ ᠲᠠᠢ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠨᠢ ᠬᠠᠨᠳᠢᠪ | ᠴᠤᠭᠯᠠᠭᠤᠯᠬᠤ ᠪᠠ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠶ᠃ ᠬᠠᠨᠳᠢᠪ | ᠴᠤᠭᠯᠠᠭᠤᠯᠬᠤ ᠭ᠋ᠤᠷᠰᠢᠯᠴᠠᠭ᠎ᠠ ᠶᠢᠨ ᠠᠭᠤᠯᠭ᠎ᠠ ᠶᠢ ᠨᠠᠷᠢᠯᠢᠭᠵᠢᠭᠤᠯᠵᠤ᠂ ᠦᠨᠡᠯᠡᠨ ᠵᠢᠱᠢᠬᠦ᠂ ᠬᠢᠨᠠᠨ ᠪᠣᠳᠣᠬᠤ ᠵᠡᠷᠭᠡ | ᠠᠷᠭ᠎ᠠ ᠪᠠᠷᠢᠯ ᠢᠶᠠᠷ ᠳᠠᠮᠵᠢᠭᠤᠯᠤᠨ ᠭ᠋ᠤᠷᠰᠢᠯᠴᠡᠬᠤ ᠲᠠᠯ᠎ᠠ ᠶᠢᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ | ᠵᠡᠷᠭᠡ ᠶᠢ ᠴᠢᠩᠭᠠᠳᠬᠠᠬᠤ ᠬᠡᠷᠡᠭᠲᠡᠶ᠃ | ᠳᠥᠷᠪᠡ ᠳᠤ᠂ ᠬᠠᠨᠳᠢᠪ ᠴᠤᠭᠯᠠᠭᠤᠯᠬᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ | ᠪᠣᠯᠭᠠᠭᠰᠠᠨ ᠤ ᠳᠠᠷᠠᠭᠠᠬᠢ ᠣᠨ ᠤ ᠵᠠᠷᠤᠯᠭ᠎ᠠ ᠪᠠ ᠬᠠᠮᠢᠶᠠᠷᠤᠯᠲᠠ ᠶᠢᠨ ᠵᠠᠷᠤᠳᠠᠯ ᠤᠨ ᠪᠠᠷᠢᠮᠵᠢᠶ᠎ᠠ ᠶᠢ ᠲᠣᠳᠣᠷᠬᠠᠶ | ᠲᠣᠭᠲᠠᠭᠠᠨ᠎ᠠ᠃ ︽ᠠᠷᠭ᠎ᠠ︾ ᠳᠤ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠢᠯᠡ ᠪᠠᠷ ᠬᠠᠨᠳᠢᠪᠯᠠᠬᠤ | ᠬᠢᠷᠢ ᠬᠡᠮ ᠤᠨ ᠦᠨᠡᠮᠯᠡᠯ ᠢ ᠨᠢ ᠬᠠᠤᠯᠢ ᠶᠣᠰᠣᠭᠠᠷ ᠬᠤᠷᠢᠶᠠᠨ ᠠᠪᠴᠤ ᠬᠦᠴᠦᠨ ᠥᠬᠡᠶ ᠪᠣᠯᠭᠠᠬᠰᠠᠨ ᠪᠠᠶᠢᠪᠠᠯ᠂ | ᠲᠤᠬᠠᠶ ᠶᠢᠨ ᠵᠢᠯ ᠳᠤ ᠨᠢᠭᠦᠯᠡᠰᠦᠩᠭᠦᠶ ᠶᠢᠨ ᠠᠵᠢᠯᠯᠠᠭ᠎ᠠ ᠥᠷᠨᠢᠭᠦᠯᠬᠦ ᠣᠨ ᠤ ᠵᠠᠷᠤᠯᠭ᠎ᠠ ᠪᠠ ᠬᠠᠮᠢᠶᠠᠷᠤᠯᠲᠠ ᠶᠢᠨ | ᠵᠠᠷᠤᠳᠠᠯ ᠢᠶᠠᠨ ᠮᠥᠨ ᠯᠡ ᠢᠯᠡ ᠪᠠᠷ ᠬᠠᠨᠳᠢᠪᠯᠠᠬᠤ ᠬᠢᠷᠢ ᠬᠡᠮ ᠲᠠᠢ ᠨᠢᠭᠦᠯᠡᠰᠦᠩᠭᠦᠶ ᠶᠢᠨ ᠵᠣᠬᠢᠶᠠᠨ | ᠪᠠᠶᠢᠭᠤᠯᠤᠯᠲᠠ ᠶᠢᠨ ᠪᠠᠷᠢᠮᠵᠢᠶ᠎ᠠ ᠪᠠᠷ ᠬᠡᠷᠡᠭᠵᠢᠭᠦᠯᠵᠦ᠂ ᠳᠠᠷᠠᠭ᠎ᠠ ᠨᠢ ᠳᠠᠬᠢᠨ ᠢᠯᠡ ᠪᠠᠷ ᠬᠠᠨᠳᠢᠪᠯᠠᠬᠤ ᠬᠢᠷᠢ ᠬᠡᠮ | ᠥᠬᠡᠶ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶ᠎ᠠ ᠪᠠᠷ ᠬᠡᠷᠡᠭᠵᠢᠭᠦᠯᠵᠦ᠂ ᠨᠢᠭᠦᠯᠡᠰᠦᠩᠭᠦᠶ ᠶᠢᠨ | ᠵᠣᠬᠢᠶᠠᠨ ᠪᠠᠶᠢᠭᠤᠯᠤᠯᠲᠠ ᠶᠢᠨ ᠢᠯᠡ ᠪᠠᠷ ᠬᠠᠨᠳᠢᠪᠯᠠᠬᠤ ᠬᠢᠷᠢ ᠬᠡᠮ ᠢᠶᠠᠨ ᠠᠯᠳᠠᠭᠰᠠᠨ ᠤ ᠳᠠᠷᠠᠭᠠᠬᠢ ᠣᠨ ᠤ ᠵᠠᠷᠤᠯᠭ᠎ᠠ | ᠪᠠ ᠬᠠᠮᠢᠶᠠᠷᠤᠯᠲᠠ ᠶᠢᠨ ᠵᠠᠷᠤᠳᠠᠯ ᠢ ᠵᠣᠯᠭᠠᠭᠤᠯᠬᠤ ᠠᠰᠠᠭᠤᠳᠠᠯ ᠢ ᠰᠢᠢᠳᠪᠦᠷᠢᠯᠡᠪᠡ᠃ |