ᠪᠠᠢ ᠵᠢᠩ ᠯᠢ
ᠨᠡᠶᠢᠲᠡᠯᠡᠭᠰᠡᠨ ᠴᠠᠭ᠄
2024/11/19
     ᠪᠠᠶ ᠵᠢᠩ ᠯᠢ᠂ ᠡᠷᠡᠭᠲᠡᠶ᠂ ᠬᠢᠲᠠᠳ ᠦᠨᠳᠦᠰᠦᠲᠡᠨ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ 1974 ᠣᠨ ᠤ 8 ᠰᠠᠷ᠎ᠠ ᠳᠤ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠳᠤ ᠲᠦᠷᠦᠵᠠᠢ᠂ 1997 ᠣᠨ ᠤ 7 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠦ᠂ 2001 ᠣᠨ ᠤ 10 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠂ ᠤᠳᠤ ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠃    ᠠᠵᠢᠯ ᠤᠨ ᠬᠤᠪᠢᠶᠠᠷᠢᠯᠠᠯ᠄ ᠰᠢᠶᠠᠨ ᠤ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠲᠤᠭ᠎ᠠ ᠪᠦᠷᠢᠳᠬᠡᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃    ᠬᠤᠪᠢᠳᠠᠨ ᠬᠠᠮᠢᠶᠠᠷᠬᠤ᠄ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠰᠢᠶᠠᠨ ᠤ ᠳᠠᠷᠤᠭ᠎ᠠ ᠶᠢ ᠬᠠᠮᠵᠢᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠬᠠᠷᠢᠯᠴᠠᠬᠤ ᠨᠢ᠄ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠨᠢᠩᠴᠧᠩ ᠤᠨ ᠪᠠᠶᠢᠴᠠᠭᠠᠬᠤ ᠠᠩᠭᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠪᠠᠭᠳᠠᠨ᠎ᠠ᠃    1995.09 - 1997.07 ᠥᠪᠥᠷ ᠮᠣᠩᠭᠤᠯ ᠤᠨ ᠪᠠᠩᠬᠢ ᠶᠢᠨ ᠰᠤᠷᠭᠠᠭᠤᠯᠢ ᠶᠢᠨ ᠡᠳ᠋ ᠤᠨ ᠶᠠᠪᠤᠳᠠᠯ ᠨᠢᠭᠲᠠᠯᠠᠨ ᠪᠤᠳᠤᠬᠤ ᠲᠤᠰᠬᠠᠢ ᠮᠡᠷᠭᠡᠵᠢᠯ 1997.07 - 2004.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ ᠰᠢᠽᠢ ᠪᠠᠯᠭᠠᠰᠤᠨ ᠤ ᠵᠠᠰᠠᠭ ᠤᠨ ᠣᠷᠳᠣᠨ ᠤ ᠠᠵᠢᠯᠯᠠᠭᠴᠢ    2004.06 - 2005.12 ᠨᠢᠩᠴᠧᠩ ᠰᠢᠶᠠᠨ ᠤ ᠪᠠᠶᠠᠰᠬᠤᠯᠠᠩ ᠰᠢᠶᠠᠩ ᠤᠨ ᠵᠠᠰᠠᠭ ᠤᠨ ᠣᠷᠳᠣᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ    2005.12 - 2009.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ︵2005.09 - 2007.12 ᠲᠥᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠤᠯᠴᠠᠬᠤ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ︶    2009.04 - 2014.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ ᠳ᠋ᠢᠶᠠᠨᠽᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ    2014.03 - 2017.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ ᠰᠢᠶᠤᠤ ᠴᠧᠩᠽᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ    2017.09 - 2020.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ ᠶᠡᠭᠡ ᠵᠦᠩ ᠰᠢᠶᠠᠩ ᠤᠨ ᠨᠠᠮ ᠤᠨ ᠬᠤᠷᠢᠶᠠᠨ ᠤ ᠱᠦᠵᠢ    2020.04 - 2020.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ ᠶᠡᠭᠡ ᠵᠦᠩ ᠰᠢᠶᠠᠩ ᠤᠨ ᠨᠠᠮ ᠤᠨ ᠬᠤᠷᠢᠶ᠎ᠠ ᠶᠢᠨ ᠱᠦᠵᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ    2020.08 - 2020.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ ᠶᠡᠭᠡ ᠵᠦᠩ ᠰᠢᠶᠠᠩ ᠤᠨ ᠨᠠᠮ ᠤᠨ ᠬᠤᠷᠢᠶ᠎ᠠ ᠶᠢᠨ ᠱᠦᠵᠢ᠂ ᠶᠡᠭᠡ ᠵᠦᠩ ᠰᠢᠶᠠᠩ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ    2020.11 - 2021.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ ᠶᠡᠭᠡ ᠵᠦᠩ ᠰᠢᠶᠠᠩ ᠤᠨ ᠨᠠᠮ ᠤᠨ ᠬᠤᠷᠢᠶ᠎ᠠ ᠶᠢᠨ ᠱᠦᠵᠢ᠂ ᠶᠡᠭᠡ ᠵᠦᠩ ᠰᠢᠶᠠᠩ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ    2021.04 - 2022.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ ᠲᠢᠶᠠᠨ ᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ    2022.02 - 2022.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ    2022.03 - 2024.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ    2024.01 - ᠣᠲᠣ ᠪᠣᠯᠲᠠᠯ᠎ᠠ ᠨᠢᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号